| | 2024 ᠤᠨ ᠤ 1 ᠰᠠᠷ᠎ᠠ ᠶᠢᠨ 16 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ | ᠦᠪᠡᠳᠡᠭᠰᠢ ᠶᠡᠭᠡ ᠪᠠᠷ ᠬᠤᠷᠠᠯᠳᠤᠪᠠ᠃ | | | ᠰᠢᠶᠧ ᠴᠦᠨ ᠾᠧ ᠭᠦᠸᠧ ᠲᠢᠶᠠᠨ ᠪᠦᠦ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠪᠡ ᠃ | ᠵᠠᠩ ᠳ᠋ᠠ ᠯᠢ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ | ᠬᠢᠪᠡ᠃ | | | ᠱᠦ ᠢᠦᠢ ᠰᠢᠨ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ᠬᠢᠪᠡ ᠃ ᠪᠦᠷᠢᠨᠵᠢᠷᠭᠠᠯ ᠬᠤᠷᠠᠯ ᠢ | ᠡᠷᠭᠢᠯᠡᠪᠡ | ᠰᠢᠨ᠎ᠡ ᠴᠠᠭ ᠦᠶ᠎ᠡ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠭᠠᠷ ᠬᠤᠯᠪᠣᠨ ᠰᠢᠨ᠎ᠡ | ᠠᠶᠠᠨ ᠵᠠᠮ ᠳᠤ ᠡᠷᠡᠯᠬᠡᠭᠯᠡᠨ ᠤᠷᠤᠭᠰᠢᠯᠠᠨ᠎ᠠ᠃ 1 ᠰᠠᠷ᠎ᠠ ᠶᠢᠨ 16 ᠤ ᠦᠳᠡ ᠶᠢᠨ ᠡᠮᠦᠨ᠎ᠡ᠂ ᠳᠤᠮᠳᠠᠳᠤ | ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠬᠤᠷᠠᠯ ᠤᠨ ᠲᠥᠪ ᠲᠤ ᠦᠪᠡᠳᠡᠭᠰᠢ | ᠶᠡᠬᠡᠪᠡᠷ ᠡᠬᠢᠯᠡᠪᠡ᠃ | ᠬᠤᠰᠢᠭᠤᠨ ᠨᠠᠮ ᠤᠨ ᠬᠤᠷᠢᠶᠠᠨ ᠤ ᠱᠦᠵᠢ ᠰᠢᠶ᠋ᠧ ᠴᠦᠨ ᠾᠧ᠂ ᠬᠤᠰᠢᠭᠤᠨ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠵᠠᠩ ᠳ᠋ᠠ ᠯᠢ᠂ ᠪᠦᠷᠢᠨᠵᠢᠷᠭᠠᠯ᠂ ᠸᠠᠩ ᠹᠦ᠋ ᠷᠦᠩ᠂ ᠶᠢᠨ ᠴᠢᠤᠸᠠᠨ᠂ ᠱᠦ ᠢᠦᠢ ᠰᠢᠨ ᠲᠡᠷᠢᠭᠦᠯᠡᠭᠴᠢ ᠶᠢᠨ | ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠯᠢᠦ ᠸᠧᠨ ᠰᠢ᠂ ᠰᠦᠩ | ᠵᠤᠷᠢᠬᠳᠦ᠂ ᠲᠡᠯᠭᠡᠷᠰᠡᠩ᠂ ᠰᠦᠨ ᠯᠢᠶᠠᠨ ᠲᠤᠤ᠂ ᠯᠢᠦ ᠶᠢᠨ ᠱᠧᠩ᠂ ᠶᠠᠩ ᠧᠨ ᠵᠧᠨ᠂ ᠪᠦ᠋ ᠰᠢᠶᠠᠩ ᠨᠢ᠂ | ᠲᠦᠩ ᠭᠦᠸᠧ ᠪᠢᠶᠣᠣ᠂ ᠸᠧᠨ ᠮᠢᠩ᠂ ᠹᠠᠩ ᠡᠾᠦ᠋ᠢ᠂ ᠸᠠᠩ ᠶᠢᠨ ᠱᠠᠨ᠂ ᠵᠠᠩ ᠰᠢᠶᠣᠣ ᠶᠠᠨ᠂ ᠵᠠᠩ ᠵᠢᠩ | ᠪᠥᠸᠧ᠂ ᠯᠢ ᠶᠠᠨ ᠬᠤᠸᠠ᠂ ᠰᠢᠶᠠᠩ ᠭᠦᠸᠧ ᠸᠧᠢ᠂ ᠯᠢ ᠸᠧᠢ ᠮᠢᠩ᠂ ᠲᠤᠤ ᠵᠧᠩ ᠯᠢᠶᠠᠩ ᠵᠡᠷᠭᠡ ᠪᠤᠢ᠃ | ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠳᠤ ᠨᠡᠶᠢᠲᠡ 222 ᠭᠡᠰᠢᠭᠦᠨ ᠲᠠᠢ᠂ ᠪᠤᠳᠠᠳᠠᠢ ᠤᠷᠤᠯᠴᠠᠬᠰᠠᠨ ᠨᠢ 195 ᠬᠥᠮᠥᠨ ᠂ | ᠬᠤᠷᠠᠯ ᠤᠨ ᠲᠤᠬᠳᠠᠭᠠᠯ ᠳᠤ ᠨᠡᠶᠢᠴᠡᠨ᠎ᠡ ᠃ | ᠦᠳᠡ ᠶᠢᠨ ᠡᠮᠦᠨᠡᠬᠢ 9᠄ 00 ᠴᠠᠭ ᠲᠤ᠂ ᠶᠡᠭᠡ ᠬᠤᠷᠠᠯ᠂ ᠰᠦᠷ ᠵᠢᠪᠬᠤᠯᠠᠩᠲᠤ ᠤᠯᠤᠰ ᠤᠨ ᠰᠦᠯᠳᠡ | ᠳᠠᠭᠤᠤ ᠶᠢᠨ ᠳᠤᠮᠳᠠ ᠡᠬᠢᠯᠡᠪᠡ᠃ | | | ᠵᠠᠩ ᠳ᠋ᠠ ᠯᠢ᠂ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠪᠡ᠃ | ᠮᠡᠳᠡᠭᠦᠯᠦᠯᠲᠡ ᠨᠢ 2023 ᠣᠨ ᠤ ᠠᠵᠢᠯ ᠤᠨ ᠡᠷᠭᠢᠴᠡᠭᠦᠯᠦᠯ᠂ 2024 ᠣᠨ ᠤ ᠠᠵᠢᠯ ᠤᠨ ᠡᠭᠦᠷᠭᠡ | ᠭᠡᠬᠦ ᠬᠤᠶᠠᠷ ᠭᠡᠰᠡᠭ ᠢᠶᠠᠷ ᠪᠦᠷᠢᠯᠳᠦᠪᠡ | ᠮᠡᠳᠡᠭᠦᠯᠦᠯᠲᠡ ᠳᠤ ᠵᠢᠭᠠᠭᠰᠠᠨ ᠨᠢ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ | ᠪᠠᠰᠠ ᠴᠤ ᠠᠷᠪᠠᠨ ᠨᠢᠭᠡᠳᠦᠭᠡᠷ ᠬᠤᠭᠤᠴᠠᠭᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠵᠢᠯ ᠮᠥᠨ᠃ ᠨᠢᠭᠡ ᠵᠢᠯ ᠤᠨ | ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠶᠢᠩᠭᠤ ᠶᠢᠨ ᠬᠤᠷᠢᠶ᠎ᠠ ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ | ᠰᠡᠳᠦᠪ ᠢ ᠪᠠᠷᠢᠮᠲᠠᠯᠠᠨ᠂ ᠤᠯᠤᠰ ᠲᠥᠷᠥ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠤᠯᠤᠰ ᠲᠥᠷᠥ ᠶᠢᠨ | ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ | ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠦᠴᠢᠷᠳᠡᠯ ᠠᠴᠠ ᠠᠩᠭᠢᠵᠢᠷᠠᠬᠤ ᠶᠢ ᠠᠬᠢᠭᠤᠯᠵᠤ᠂ ᠳᠠᠪᠠᠯᠲᠠ ᠲᠠᠢ ᠪᠠᠷ ᠨᠡᠬᠡᠮᠵᠢᠯᠡᠬᠦ ᠳᠤ ᠢᠳᠡᠪᠬᠢᠲᠡᠢ ᠬᠤᠪᠢ | ᠨᠡᠮᠡᠷᠢ ᠦᠵᠡᠭᠦᠯᠪᠡ᠃ | | | | | ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠵᠢᠯ ᠢ ᠲᠠᠪᠤᠨ ᠲᠠᠯ᠎ᠠ ᠪᠠᠷ ᠡᠷᠭᠢᠴᠡᠭᠦᠯᠦᠨ ᠳ᠋ᠦᠩᠨᠡ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ | ᠰᠠᠭᠤᠷᠢ ᠶᠢ ᠪᠠᠳᠤᠳᠬᠠᠪᠠ︔ ᠬᠤᠶᠠᠷ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠪᠠᠷᠢᠮᠲᠠᠯᠠᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ︔ ᠭᠤᠷᠪᠠ᠂ ᠲᠥᠪ ᠭᠤᠣᠯᠴᠢ ᠪᠠᠷ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠠᠪᠠᠭᠤᠯᠢᠭ ᠦᠢᠯᠡᠳᠦᠯ ᠢ ᠢᠯᠡᠷᠡᠬᠦᠯᠪᠡ︔ | ᠳᠥᠷᠪᠡ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠵᠤ᠂ ᠬᠠᠮᠤᠭ ᠤᠨ ᠶᠡᠭᠡ ︽ᠢᠵᠢᠯ | ᠲᠥᠪᠲᠦ ᠲᠣᠭᠤᠷᠢᠭ︾ ᠢ ᠰᠠᠶᠢᠲᠤᠷ ᠵᠢᠷᠤᠭᠬᠯᠠᠪᠠ︔ ᠲᠠᠪᠤ᠂ ᠦᠨᠳᠦᠰᠦ ᠪᠠᠨ ᠪᠠᠲᠤᠳᠬᠠᠨ ᠰᠠᠭᠤᠷᠢ ᠪᠠᠨ | ᠪᠠᠬᠢᠵᠢᠭᠦᠯᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠰᠠᠶᠢᠲᠤᠷ ᠠᠳᠬᠤᠪᠠ᠃ | ᠮᠡᠳᠡᠭᠦᠯᠦᠯᠲᠡ ᠳᠤ ᠵᠢᠭᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 75 ᠵᠢᠯ ᠤᠨ ᠣᠶ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠮᠥᠨ᠂ | ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠮᠥᠨ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠢᠶᠠᠷ ᠲᠤᠭᠤᠰᠢᠯᠠᠭᠤᠯᠵᠥ᠂ ᠰᠢ ᠶᠢᠨ ᠫᠢᠩ ᠶᠡᠷᠦᠩᠬᠡᠢ ᠱᠦᠵᠢ ᠶᠢᠨ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠡᠨᠡ ᠬᠦ ᠭᠤᠣᠯ | ᠰᠢᠵᠢᠮ ᠢ ᠪᠠᠲᠤ ᠡᠵᠡᠮᠰᠢᠵᠦ᠂ ︽ᠬᠤᠶᠠᠷ ᠶᠡᠭᠡ ᠶᠠᠪᠤᠳᠠᠯ︾ ︽ᠵᠢᠷᠭᠤᠭᠠᠨ ᠢᠨᠵᠧᠨᠧᠷᠢᠩ︾ ᠪᠣᠯᠣᠨ ᠪᠥᠬᠦ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ︽ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ | ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠬᠦᠴᠦᠨ | ᠴᠢᠳᠠᠯ ᠢ ᠨᠢᠬᠳᠠᠷᠠᠭᠤᠯᠬᠤ᠂ ᠲᠥᠷᠥ ᠶᠢᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠬᠤ᠂ ᠶᠡᠭᠡ ᠲᠠᠯ᠎ᠠ ᠳᠤ | ᠦᠢᠯᠡᠴᠢᠯᠡᠬᠦ ᠡᠯ᠎ᠡ ᠵᠦᠢᠯ ᠤᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠪᠡ ᠃ | ᠢᠯᠡᠳᠬᠡᠯ ᠳᠤ᠂ ᠲᠠᠪᠤᠨ ᠲᠠᠯ᠎ᠠ ᠪᠠᠷ 2024 ᠣᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ | ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠢᠭᠡ᠂ ᠨᠡᠩ ᠥᠨᠳᠥᠷ ᠵᠣᠭᠰᠣᠴᠠ ᠪᠠᠷ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ ︔ ᠬᠤᠶᠠᠷ᠂ ᠡᠭᠦᠷᠭᠡ ᠬᠠᠷᠢᠭᠤᠴᠠᠯᠭ᠎ᠠ ᠪᠠᠨ ᠨᠠᠩ ᠰᠢᠯᠢᠳᠡᠭ ᠬᠦᠢᠴᠡᠳᠭᠡᠨ ᠪᠥᠬᠦ ᠬᠤᠰᠢᠭᠤᠨ ᠤ | ᠭᠤᠤᠯ ᠲᠥᠪ ᠤᠨ ᠶᠡᠭᠡ ᠲᠠᠯ᠎ᠠ ᠳᠤ ᠦᠢᠯᠡᠴᠢᠯᠡᠨ᠎ᠡ︔ ᠭᠤᠷᠪᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠦᠯᠬᠦᠮᠳᠡᠨ | ᠲᠡᠮᠡᠴᠡᠬᠦ ᠢᠳᠡᠪᠬᠢ ᠬᠦᠴᠦᠨ ᠢ ᠥᠷᠭᠡᠨ ᠢᠶᠠᠷ ᠨᠢᠬᠳᠠᠷᠠᠭᠤᠯᠤᠨ᠎ᠠ︔ ᠳᠥᠷᠪᠡ᠂ ᠲᠤᠰᠬᠠᠢ ᠵᠥᠪᠯᠡᠬᠦ | ᠪᠠᠶᠢᠭᠤᠯᠤᠮᠵᠢ ᠶᠢᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠭᠦᠨᠵᠡᠭᠡᠶᠢᠷᠡᠭᠦᠯᠦᠨ᠎ᠡ︔ ᠲᠠᠪᠤ᠂ ᠨᠡᠩ ᠥᠨᠳᠥᠷ | ᠪᠠᠷᠢᠮᠵᠢᠶ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠭᠤᠷᠢ ᠶᠢ ᠪᠠᠲᠤᠳᠬᠠᠨ᠎ᠠ᠃ | ᠮᠡᠳᠡᠭᠦᠯᠦᠯᠲᠡ ᠳᠤ ᠴᠢᠬᠤᠯᠠᠴᠢᠯᠠᠭᠰᠠᠨ ᠨᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠪᠠᠭᠠᠲᠤᠷᠯᠢᠭ ᠢᠶᠠᠷ ᠤᠷᠤᠭᠰᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠡᠢ ᠃ | ᠱᠦ ᠢᠦᠢ ᠰᠢᠨ ᠶᠡᠭᠡ ᠬᠤᠷᠠᠯ ᠳᠤ᠂ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠠᠴᠠ | ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ | ᠮᠡᠳᠡᠭᠦᠯᠦᠯᠲᠡ ᠳᠤ ᠵᠢᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠰᠢ᠂ ᠤᠯᠤᠰ ᠲᠥᠷᠥ ᠶᠢᠨ | ᠵᠥᠪᠯᠡᠯᠭᠡᠨ ᠤ ᠪᠦᠬᠦ ᠭᠡᠰᠢᠭᠦᠳ᠂ ᠤᠯᠤᠰ ᠲᠥᠷᠥ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠠ ᠡᠯ᠎ᠡ | ᠲᠤᠰᠬᠠᠢ ᠺᠣᠮᠢᠰ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠰᠢᠭᠤᠨ ᠤ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠷ ᠪᠦᠭᠦ | ᠬᠤᠰᠢᠭᠤᠨ ᠤ ᠠᠵᠢᠯ ᠤᠨ ᠶᠡᠭᠡ ᠲᠠᠯ᠎ᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ | ᠶᠡᠭᠡ ᠠᠰᠠᠭᠤᠳᠠᠯ ᠵᠢᠴᠢ ᠠᠷᠠᠳ ᠤᠯᠠᠨ ᠤ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ | ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠰᠠᠨᠠᠯ ᠳᠤᠷᠠᠳᠤᠯᠭ᠎ᠠ ᠶᠢ | ᠭᠦᠢᠴᠡᠳ ᠠᠰᠢᠭᠯᠠᠨ ᠠᠷᠭ᠎ᠠ ᠤᠬᠠᠭᠠᠨ ᠰᠦᠪᠡᠭᠴᠢᠯᠡᠪᠡ ᠃ ᠨᠢᠭᠡ ᠵᠢᠯ ᠤᠨ ᠲᠤᠷᠰᠢ᠂ ᠨᠡᠶᠢᠳᠡ 171 ᠬᠤᠪᠢ | ᠰᠠᠨᠠᠯ ᠵᠥᠪᠯᠡᠯᠭᠡ ᠶᠢ ᠬᠦᠯᠢᠶᠡᠨ ᠠᠪᠴᠤ᠂ ᠬᠢᠨᠠᠨ ᠪᠠᠶᠢᠴᠠᠭᠠᠭᠠᠳ 150 ᠬᠤᠪᠢ ᠶᠢ ᠨᠢ ᠬᠡᠷᠡᠭ ᠪᠣᠯᠭᠠᠨ ᠳᠠᠩᠰᠠᠯᠠᠪᠠ | ᠃ 2023 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠂ ᠪᠤᠢ ᠪᠦᠬᠦᠢ ᠰᠠᠨᠠᠯ ᠳᠤᠷᠠᠳᠤᠯᠭ᠎ᠠ ᠶᠢ ᠪᠦᠬᠦᠨ ᠢ | ᠰᠢᠢᠳᠪᠦᠷᠢᠯᠡᠵᠦ ᠬᠠᠷᠢᠭᠤᠯᠲᠠ ᠥᠭᠴᠦ᠂ ᠭᠡᠰᠢᠭᠦᠳ ᠤᠨ ᠬᠠᠨᠤᠮᠵᠢ ᠶᠢᠨ ᠨᠤᠷᠮ᠎ᠠ 98% ᠲᠤ ᠬᠦᠷᠴᠡᠢ᠃ ᠰᠠᠨᠠᠯ | ᠳᠤᠷᠠᠳᠤᠯᠭ᠎ᠠ ᠶᠢᠨ ᠭᠤᠣᠯ ᠰᠡᠳᠦᠪ ᠨᠢ ᠲᠣᠪᠣᠶᠢᠮ᠎ᠠ᠂ ᠠᠭᠤᠯᠭ᠎ᠠ ᠨᠢ ᠪᠠᠶᠠᠯᠢᠭ ᠪᠠᠶᠢᠵᠤ᠂ ᠠᠷᠠᠳ ᠣᠯᠠᠨ ᠤ ᠬᠦᠰᠡᠯ | ᠱᠠᠭᠠᠷᠳᠠᠯᠭ᠎ᠠ ᠶᠢ ᠲᠤᠰᠬᠠᠵᠤ᠂ ᠴᠠᠭ ᠦᠶ᠎ᠡ ᠶᠢᠨ ᠠᠭᠤᠷ ᠠᠮᠢᠰᠬᠤᠯ ᠪᠠ ᠤᠯᠤᠰ ᠲᠥᠷᠥ ᠶᠢᠨ ᠵᠥᠪᠯᠡᠯᠭᠡᠨ ᠤ | ᠣᠨᠴᠠᠯᠢᠭ ᠢ ᠢᠯᠡᠷᠡᠭᠦᠯᠵᠦ᠂ ᠰᠠᠨᠠᠯ ᠳᠤᠷᠠᠳᠤᠯᠭ᠎ᠠ ᠶᠢᠨ ᠳᠣᠲᠣᠷᠠᠬᠢ ᠮᠠᠰᠢ ᠣᠯᠠᠨ ᠰᠠᠨᠠᠭᠤᠯᠭ᠎ᠠ ᠶᠢ ᠨᠠᠮ ᠵᠠᠰᠠᠭ ᠤᠨ | ᠰᠠᠯᠠᠭ᠎ᠠ ᠮᠥᠴᠢᠷ ᠭᠥᠯᠢᠶᠡᠨ ᠠᠪᠴᠤ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ | ᠪᠦᠦ ᠭᠦᠸᠧ ᠢᠦᠢ᠂ ᠳ᠋ᠠᠢ ᠯᠢ ᠮᠧᠢ᠂ ᠵᠢᠢ ᠶᠤᠸᠠᠢ ᠱᠤᠸᠠᠩ᠂ ᠵᠠᠩ ᡁᠢ ᠴᠢᠶᠠᠩ᠂ ᠬᠠᠨ ᠹᠥ᠋ᠩ ᠹᠧᠢ᠂ ᠱᠠᠩ | ᠬᠤᠩ ᠵᠢᠶᠧ᠂ ᠰᠢᠦᠢ ᠯᠠᠨ ᠯᠠᠨ᠂ ᠵᠠᠩ ᠳ᠋ᠦᠨ ᠶᠡᠭᠡ ᠬᠤᠷᠠᠯ ᠳᠡᠭᠡᠷ᠎ᠡ ᠦᠬᠡ ᠬᠡᠯᠡᠪᠡ᠃ | | |