2023 ᠣᠨ ᠤ ᠠᠵᠢᠯ ᠤᠨ ᠳ᠋ᠦᠩᠨᠡᠯᠲᠡ | | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 7% ᠣᠷᠴᠢᠮ ᠨᠡᠮᠡᠭᠳᠡᠪᠡ︔ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 4.57 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠨ᠂ ᠬᠤᠶᠠᠷ ᠲᠦᠷᠦᠯ ᠤᠨ ᠵᠢᠭᠠᠯᠳᠠ ᠲᠤᠭ᠎ᠠ | ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 33.4 ᠳ᠋ᠦᠩᠰᠢᠭᠤᠷ ᠲᠥᠭᠦᠷᠢᠭ ᠪᠡᠶᠡᠯᠡᠬᠦᠯᠵᠥ᠂ | ᠠᠳᠠᠯᠢ ᠬᠤᠭᠤᠴᠠᠭᠠᠨ ᠤ ᠬᠢ ᠠᠴᠠ 58.3 % ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 26.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠣᠷᠴᠢᠮ ᠨᠡᠮᠡᠭᠳᠡᠪᠡ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ | ᠲᠣᠰ 35957 ᠲᠥᠭᠦᠷᠢᠭ᠂ 19437 ᠲᠥᠭᠦᠷᠢᠭ ᠲᠤ ᠬᠦᠷᠴᠦ᠂ ᠲᠣᠰ ᠲᠣᠰ ᠠᠳᠠᠯᠢ | ᠬᠤᠭᠤᠴᠠᠭᠠᠨ ᠤ ᠬᠢ ᠠᠴᠠ 6% ᠪᠠ 8 % ᠪᠠᠷ ᠨᠡᠮᠡᠭᠳᠡᠪᠡ᠃ | — — ᠠᠵᠤ ᠠᠬᠤᠢ ᠶᠢᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠪᠠ | | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠢ 52 ᠬᠡᠷᠡᠭᠵᠢᠭᠦᠯᠪᠡ︔ | 3 ᠲᠦᠮᠡᠨ ᠮᠥ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ᠂ ᠬᠠᠭᠤᠷᠠᠢ ᠲᠡᠷᠢᠶ᠎ᠠ ᠶᠢ ᠤᠰᠤᠨ ᠲᠠᠷᠢᠶ᠎ᠠ | ᠪᠤᠯᠭᠠᠨ ᠥᠭᠡᠷᠡᠴᠢᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠬᠦ ᠶᠢ ᠪᠡᠶᠡᠯᠡᠭᠦᠯᠪᠡ︔ | | ᠰᠠᠭᠤᠷᠢ ᠮᠦᠩᠬᠦ ᠪᠠᠷ ᠠᠭᠤᠷᠬᠠᠢ ᠬᠠᠶᠢᠬᠤ ᠲᠥᠷᠥᠯ ᠵᠦᠢᠯ ᠤᠨ ᠬᠠᠶᠢᠨ ᠰᠢᠨᠵᠢᠯᠡᠭᠡᠨ ᠤ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠬᠤ ᠪᠠ ᠬᠢᠨᠠᠨ ᠲᠤᠭᠳᠠᠭᠠᠪᠠ︔ | ᠪᠥᠬᠦ ᠵᠢᠯ ᠳᠤ ᠳᠡᠭᠡᠳᠦ ᠱᠠᠲᠤᠨ ᠤ ᠲᠦᠷᠦᠯ ᠵᠦᠢᠯ ᠪᠠᠶᠢᠭᠤᠯᠬᠤ ᠪᠡᠯᠡ ᠮᠦᠩᠬᠦ ᠶᠢ 9.89 ᠳ᠋ᠦᠩᠰᠢᠭᠤᠷ | ᠴᠢᠷᠮᠠᠶᠢᠨ ᠣᠯᠵᠤ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠵᠥ᠂ ᠶᠡᠷᠦᠩᠬᠡᠢ ᠲᠤᠭ᠎ᠠ ᠨᠢ ᠪᠦᠬᠦ ᠬᠤᠳᠠ | ᠶᠢᠨ ᠬᠤᠶᠠᠳᠤᠭᠠᠷ ᠲᠤ ᠤᠷᠤᠪᠠ︔ | ᠲᠤᠰᠬᠠᠢ ᠵᠦᠢᠯ ᠤᠨ ᠵᠢᠭᠡᠯᠡᠯᠭᠡ ᠶᠢ ᠭᠤᠶᠤᠴᠢᠯᠠᠵᠥ᠂ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ 44 | ᠭᠤᠶᠤᠴᠢᠯᠠᠨ ᠮᠡᠳᠡᠭᠦᠯᠪᠡ ︔ | ᠤᠨᠤᠪᠴᠢᠳᠠᠢ ᠪᠦᠭᠡᠳ ᠪᠦᠳᠦᠮᠵᠢᠳᠡᠢ ᠪᠠᠷ ᠬᠤᠳᠠᠯᠳᠤᠭᠠᠴᠢᠨ ᠤᠷᠢᠪᠠ | ᠪᠦᠬᠦ ᠵᠢᠯ ᠳᠤ 78 ᠭᠤᠣᠯᠳᠠᠯᠭ᠎ᠠ ᠲᠠᠢ ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ 33.87 | ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ | 326% ᠪᠠᠷ ᠨᠡᠮᠡᠭᠳᠡᠪᠡ᠃ | ᠴᠠᠬᠢᠭᠤᠷ ᠡᠯᠡᠰᠦᠨ ᠤ ᠠᠵᠤ ᠦᠢᠯᠡᠰ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠡᠨᠧᠷᠺᠢ᠂ ᠰᠢᠨ᠎ᠡ | ᠮᠠᠲ᠋ᠧᠷᠢᠶᠠᠯ᠂ ᠲᠤᠨᠤᠬᠯᠠᠯ ᠦᠢᠯᠡᠳᠬᠦ ᠵᠡᠷᠭᠡ ᠠᠵᠥ ᠦᠢᠯᠡᠰ ᠰᠢᠨ᠎ᠡ ᠠᠯᠬᠤᠮ ᠢ ᠠᠯᠬᠤᠵᠥ᠂ ᠵᠦᠩ ᠪᠦᠸᠧ ᠬᠡᠷᠡᠯ | ᠴᠡᠨᠡᠭ ᠤᠨ ᠰᠢᠯ᠂ ᠰᠧ ᠰᠢᠩ ᠡᠮ ᠤᠨ ᠵᠦᠢᠯ ᠳᠤ ᠬᠡᠷᠡᠭᠯᠡᠬᠦ ᠰᠢᠯ᠂ ᠱᠧᠩ ᠪᠦᠦ ᠡᠳᠦᠷ ᠲᠤᠲᠤᠮ ᠤᠨ | ᠬᠡᠷᠡᠭᠯᠡᠭᠡᠨ ᠤ ᠰᠢᠯ᠂ ᠤᠤ ᠪᠠᠩ ᠵᠠᠰᠠᠯ ᠴᠢᠮᠡᠭᠯᠡᠯ ᠤᠨ ᠰᠢᠯ᠂ ᠵᠢᠶᠠ ᠱᠧᠩ ᠭᠡᠷᠡᠯ ᠴᠡᠨᠡᠭ ᠤᠨ ᠳ᠋ᠢᠶᠠᠨ ᡂᠢ ᠶᠢᠨ | ᠪᠦᠯᠦᠭ ᠵᠢᠴᠢ ᠲᠣᠨᠣᠭᠯᠠᠭᠠᠰᠤ᠂ ᠱᠦᠨ ᠳ᠋ᠦᠸᠧ ᠯᠢ ᠮᠠᠰᠢᠨ ᠲᠡᠷᠭᠡᠨ ᠤ ᠰᠡᠯᠪᠢᠭ ᠲᠣᠨᠤᠭ᠂ ᠺᠠᠢ ᠸᠠᠩ ᠰᠢᠬᠠᠵᠥ | ᠠᠪᠴᠢᠭᠤᠯᠤᠬᠰᠠᠨ ᠮᠣᠳᠣ᠂ ᠶᠢᠨ ᠴᠧᠩ ᠯᠢᠦᠢ ᠨᠧᠩ ᠪᠠᠯ ᠴᠢᠯᠠᠭᠤᠨ ᠤ ᠰᠢᠨ᠎ᠡ ᠮᠠᠲ᠋ᠧᠷᠢᠶᠠᠯ᠂ ᡁᠢ ᠲᠤ ᠲᠡᠮᠦᠷᠯᠢᠭ | ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠲᠠᠳᠠᠨ ᠤᠷᠤᠭᠤᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ | ᠰᠢᠨ᠎ᠡ ᠪᠠᠷ 5408 ᠲᠦᠮᠡᠨ ᠲᠥᠭᠦᠷᠢᠭ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ 6018 ᠡᠷᠦᠬᠡ ᠨᠡᠮᠡᠭᠳᠡᠬᠦᠯᠪᠡ ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠤ ︽ᠨᠢᠭᠡ ᠡᠭᠦᠳᠡ ᠪᠠᠷ ᠣᠷᠣᠵᠤ᠂ ᠪᠦᠬᠦ ᠶᠠᠪᠤᠳᠠᠯ ᠢ ᠭᠦᠢᠴᠡᠳᠬᠡᠬᠦ︾ ᠶᠢ ᠪᠡᠶᠡᠯᠡᠭᠦᠯᠪᠡ᠃ | ︽ᠦᠷᠬᠦᠯᠵᠢᠯᠡᠨ ᠭᠡᠷᠡᠭᠯᠡᠬᠦ ᠭᠡᠷᠡᠴᠢ ᠦᠨᠡᠮᠯᠡᠯ ᠢ ᠰᠢᠭᠤᠳ ᠬᠦᠢᠴᠡᠳᠭᠡᠬᠦ︾᠂ ︽ᠪᠠᠷᠢᠯᠭ᠎ᠠ ᠪᠠᠷᠢᠬᠤ | ᠵᠥᠪᠰᠢᠶᠡᠷᠡᠯ ᠢ ᠱᠠᠲᠤ ᠬᠤᠪᠢᠶᠠᠨ ᠭᠦᠢᠴᠡᠳᠬᠡᠬᠦ︾᠂ ︽ᠬᠠᠤᠯᠢ ᠴᠠᠭᠠᠵᠠ ᠶᠢᠨ ᠠᠯᠪᠠᠨ ᠭᠡᠷᠡᠴᠢᠯᠡᠭᠡ + ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ︾ ᠵᠡᠷᠭᠡ ᠰᠢᠨ᠎ᠡ ᠶᠢ ᠡᠭᠦᠳᠬᠦ ᠵᠠᠭᠪᠤᠷ ᠨᠢ ᠪᠥᠬᠦ ᠣᠷᠣᠨ᠂ ᠪᠥᠬᠦ | ᠬᠤᠲᠠ ᠶᠢᠨ ᠠᠩᠬᠠᠨ ᠤ ᠡᠭᠦᠳᠦᠯᠲᠡ ᠪᠤᠯᠪᠠ᠃ | ︽ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ᠬᠥᠮᠥᠷᠭᠡ︾ ᠪᠠ ︽ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ︾ ᠶᠢ ᠪᠠᠶᠢᠭᠤᠯᠪᠠ᠃ ︽ᠮᠡᠳᠡᠭᠳᠡᠬᠦ | ᠠᠮᠠᠯᠠᠯᠲᠠ ᠶᠢᠨ ᠲᠦᠷᠢᠮ︾ ᠪᠠ ︽ᠲᠤᠳᠠᠭᠤᠳᠠᠯ ᠶᠢ ᠪᠠᠭᠲᠠᠭᠠᠵᠤ ᠭᠥᠯᠢᠶᠡᠨ ᠰᠢᠢᠳᠪᠦᠷᠢᠯᠡᠬᠦ︾ ᠶᠢ ᠬᠡᠷᠡᠭᠵᠢᠭᠦᠯᠵᠦ᠂ | ︽ᠭᠠᠵᠠᠷ ᠠᠪᠤᠮᠠᠭᠴᠠ ᠠᠵᠢᠯ ᠡᠬᠢᠯᠡᠭᠦᠯᠬᠦ︾᠂ ︽ᠭᠡᠷ ᠲᠤᠰᠢᠶᠠᠪᠠᠯ ᠦᠨᠡᠮᠯᠡᠯ ᠲᠤᠰᠢᠶᠠᠬᠤ ︾ ᠵᠡᠷᠭᠡ 30 | ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠨᠡᠴᠢᠯᠡᠵᠥ ᠰᠢᠯᠢᠳᠡᠭᠵᠢᠬᠦᠯᠪᠡ᠃ | | — — ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ | | | ᠲᠠᠷᠢᠶᠠᠯᠠᠩ ᠮᠠᠯ ᠠᠵᠤ ᠠᠬᠤᠢ ᠦᠢᠯᠡᠰ ᠲᠤᠬᠳᠠᠭᠤᠨ ᠬᠦᠭᠵᠢᠪᠡ | ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠡᠭᠦᠷᠭᠡᠯᠡᠵᠦ᠂ ᠠᠮᠤ ᠪᠤᠳᠠᠭᠠᠨ ᠤ ᠶᠡᠷᠦᠩᠬᠡᠢ | ᠤᠨᠠᠯᠲᠠ 28.17 ᠳ᠋ᠦᠩᠰᠢᠭᠤᠷ ᠵᠢᠩ ᠳᠤ ᠬᠦᠷᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 10 ᠲᠦᠮᠡᠨ | ᠮᠥ᠂ ᠡᠷᠳᠡᠨᠢ ᠰᠢᠰᠢ ᠶᠢ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠶᠢ 32 ᠲᠦᠮᠡᠨ ᠮᠥ᠂ ︽ᠨᠢᠭᠡ | ᠰᠦᠷᠴᠢᠯᠳᠡ ᠪᠠᠷ ᠣᠯᠠᠨ ᠢ ᠠᠬᠢᠭᠤᠯᠬᠤ︾ ᠨᠢᠭᠡᠳᠦᠯᠲᠡᠶ ᠰᠡᠷᠭᠡᠶᠢᠯᠡᠨ ᠵᠠᠰᠠᠯᠳᠠ ᠶᠢ 106 ᠲᠦᠮᠡᠨ ᠮᠥ | ᠬᠡᠷᠡᠭᠵᠢᠭᠦᠯᠪᠡ᠃ | ᠠᠯᠠᠰᠢᠨ ᠦᠬᠡᠷ ᠤᠨ ᠦᠢᠯᠡᠰ ᠤᠨ ᠪᠠᠷᠢᠮᠵᠢᠶᠠᠵᠢᠬᠰᠠᠨ ᠵᠠᠭᠪᠤᠷᠴᠢᠯᠠᠭᠰᠠᠨ ᠲᠡᠵᠢᠭᠡᠨ ᠦᠷᠡᠵᠢᠭᠦᠯᠬᠦ ᠲᠠᠭᠤᠷᠢᠶᠠᠯ | ᠬᠤᠰᠢᠭᠤ ᠪᠠᠶᠢᠭᠤᠯᠵᠥ᠂ ᠠᠯᠠᠰᠢᠨ ᠦᠬᠡᠷ ᠤᠨ ᠲᠤᠭ᠎ᠠ 100.86 ᠲᠦᠮᠡᠨ ᠲᠣᠯᠣᠭᠠᠶ ᠬᠦᠷᠪᠡ᠃ | ᠬᠦᠭᠡ ᠪᠤᠷᠳᠤᠭᠠᠨ ᠡᠷᠳᠡᠨᠢ ᠰᠢᠰᠢ 185 ᠲᠦᠮᠡᠨ ᠮᠦ᠂ ᠴᠢᠨᠠᠷ ᠰᠠᠶᠢᠲᠠᠶ ᠲᠡᠵᠢᠭᠡᠯ ᠡᠪᠡᠰᠦ 2.82 ᠲᠦᠮᠡᠨ | ᠮᠦ ᠲᠠᠷᠢᠪᠠ᠃ | ᠠᠵᠤ ᠦᠢᠯᠡᠳᠪᠦᠷᠢ ᠶᠢᠨ ᠠᠵᠥ ᠠᠬᠤᠶᠢᠯᠠᠯ ᠲᠤᠬᠳᠠᠭᠤᠨ ᠰᠠᠶᠢᠨ ᠬᠠᠨᠳᠤᠰᠢ ᠲᠠᠢ ᠪᠠᠶᠢᠨ᠎ᠠ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 8᠂ ᠭᠠᠳᠠᠭᠠᠳᠤ ᠠᠷᠠᠯᠵᠢᠶᠠᠨ ᠤ | ᠠᠵᠤ ᠠᠬᠤᠶᠢᠯᠠᠯ 5᠂ ᠭᠠᠳᠠᠭᠠᠳᠤ ᠪᠡᠯᠡ ᠶᠢᠨ ᠠᠵᠤ ᠠᠬᠤᠶᠢᠯᠠᠯ ᠶᠢ ᠰᠢᠨ᠎ᠡ ᠪᠠᠷ 1 ᠨᠡᠮᠡᠭᠳᠡᠭᠦᠯᠵᠦ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠪᠦᠬᠦ ᠬᠤᠲᠠ ᠳᠤ ᠲᠡᠷᠢᠭᠦᠯᠡᠪᠡ᠃ | ᠲᠠᠢ ᠳ᠋ᠢᠩ ᠥᠩᠭᠡᠲᠦ ᠲᠡᠮᠦᠷᠯᠢᠭ ᠤᠨᠭᠤᠷᠪᠠᠳᠤᠭᠠᠷ ᠬᠤᠭᠤᠴᠠᠭ᠎ᠠ᠂ ᠯᠦᠩ ᠲᠠᠢ ᠳ᠋ᠢ ᠱᠤᠷᠠᠭ ᠪᠣᠯᠣᠳ | ᠬᠤᠭᠤᠯᠠᠶ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠹᠦ᠋ ᠶᠣᠣ ᠶᠢᠨ | ᠰᠢᠯ ᠦᠢᠯᠡᠳᠬᠦ ᠴᠠᠬᠢᠭᠤᠷ ᠡᠯᠡᠰᠦ᠂ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠡᠲᠦ ᠴᠠᠭᠠᠨ ᠡᠯᠡᠰᠦ᠂ | ᠲᠢᠶᠠᠨ ᠶᠠᠩ ᠤᠨ ᠪᠦᠷᠬᠦᠭᠦᠯ ᠡᠯᠡᠰᠦᠨ ᠤ ᠲᠥᠷᠥᠯ ᠵᠦᠢᠯ ᠤᠨ ᠠᠬᠢᠴᠠ ᠤᠷᠤᠭᠰᠢᠲᠠᠶ ᠶᠠᠪᠤᠭᠳᠠᠪᠠ᠃ | ᠰᠤᠷᠪᠤᠯᠵᠢ ᠲᠤᠤᠷ ᠲᠠᠭᠠᠭᠠᠴᠠ ᠨᠦᠬᠡᠴᠡ ᠲᠠᠢ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ | ᠬᠦᠷᠢᠶᠡᠯᠡᠩ᠂ ᠪᠢ ᠹᠦ᠋ ᠦᠬᠡᠷ ᠤᠨ ᠦᠢᠯᠡᠰ ᠤᠨ ᠨᠢᠲᠤᠯᠵᠤ ᠡᠳ᠋ᠰᠢᠭᠦᠯᠬᠦ ᠭᠤᠤᠯ ᠴᠣᠭᠴᠠ ᠶᠢᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠪᠡ᠃ | ᠶᠢᠨ ᠪᠠᠢ ᠵᠢᠦᠢ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠶᠤᠸᠠᠨ ᠳ᠋ᠠ ᠰᠠᠯᠬᠢᠨ ᠬᠦᠴᠦᠨ ᠤ ᠴᠠᠬᠢᠯᠭᠠᠨ ᠤ | ᠬᠡᠮᠵᠢᠶ᠎ᠡ ᠶᠢ ᠨᠡᠮᠡᠭᠳᠡᠬᠦᠯᠵᠥ ᠴᠠᠬᠢᠯᠭᠠᠨ ᠲᠦᠭᠡᠭᠡᠬᠦ ᠲᠣᠤᠷ ᠤᠨ ᠲᠥᠷᠥᠯ ᠵᠦᠢᠯ ᠢ ᠳᠡᠭᠡᠭᠰᠢ ᠥᠪᠡᠷᠲᠡᠭᠡᠨ ᠵᠠᠰᠠᠬᠤ | ᠣᠷᠣᠨ ᠳᠤ ᠮᠡᠳᠡᠭᠦᠯᠵᠦ ᠬᠢᠨᠠᠨ ᠬᠠᠷᠭᠤᠭᠤᠯᠪᠠ᠃ | ᠭᠤᠷᠪᠠᠳᠤᠭᠠᠷ ᠠᠵᠤ ᠦᠢᠯᠡᠰ ᠲᠦᠷᠭᠡᠨ ᠬᠥᠭᠵᠢᠪᠡ | 1 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠴᠦᠩᠭᠦᠯ ᠤᠨ ᠭᠤᠤ᠂ ᠰᠤᠭᠤ ᠶᠢᠨ ᠪᠤᠯᠠᠭ᠂ ᠠᠭᠤᠯᠠ | ᠵᠡᠷᠭᠡ ᠦᠵᠡᠮᠵᠢ ᠶᠢᠨ ᠣᠷᠣᠨ ᠢ ᠳᠡᠰ ᠲᠡᠪᠰᠢᠭᠦᠯᠪᠡ᠃ | ᠪᠦᠬᠦ ᠵᠢᠯ ᠳᠤ 190 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ ᠶᠢ | 11.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠠᠯᠬᠤᠮ ᠠᠯᠬᠤᠮ ᠢᠶᠠᠷ ᠰᠡᠷᠭᠦᠵᠦ᠂ ᠬᠡᠪᠴᠢᠶᠡᠵᠢᠯ ᠠᠴᠠ ᠳᠡᠭᠡᠭᠰᠢᠬᠢ | ᠠᠷᠠᠯᠵᠢᠶ᠎ᠠ ᠬᠤᠳᠠᠯᠳᠤᠭᠠᠨ ᠤᠠᠵᠤ ᠠᠬᠤᠶᠢᠯᠠᠯ ᠢ ᠰᠢᠨ᠎ᠡ ᠪᠠᠷ 10 ᠨᠡᠮᠡᠭᠳᠡᠭᠦᠯᠵᠦ᠂ ᠰᠦᠯᠵᠢᠶᠡᠨ ᠳᠡᠭᠡᠷᠡᠬᠢ | ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 83 ᠲᠦᠮᠡᠨ ᠲᠥᠭᠦᠷᠢᠭ ᠲᠠᠷᠬᠠᠭᠠᠵᠤ᠂ 5878 | ᠲᠦᠮᠡᠨ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠪᠠ᠃ | ᠭᠠᠳᠠᠭᠠᠳᠦ ᠠᠷᠠᠯᠵᠢᠶᠠᠨ ᠤ ︽ᠲᠡᠭ︾ ᠰᠢᠪᠳᠤᠯᠤᠯᠳᠠ ᠶᠢ ᠪᠡᠶᠡᠯᠡᠬᠦᠯᠪᠡ᠃ | | — — ᠬᠤᠲᠠ ᠬᠥᠳᠡᠭᠡ ᠶᠢᠨ ᠲᠦᠷᠢ ᠪᠠᠶᠢᠳᠠᠯ ᠮᠡᠳᠡᠭᠳᠡᠮ᠎ᠡ ᠰᠠᠶᠢᠵᠢᠷᠠᠪᠠ | | ᠬᠤᠳᠠ ᠪᠠᠯᠭᠠᠰᠤᠨ ᠤ ᠰᠠᠭᠤᠷᠢ ᠲᠦᠭᠦᠭᠡᠷᠦᠮᠵᠢ ᠶᠢ ᠪᠦᠳᠦᠮᠵᠢᠳᠡᠢ ᠠᠬᠢᠭᠤᠯᠪᠠ | ᠵᠢᠯ ᠳᠤ ᠮᠠᠯᠵᠢᠬᠤ ᠲᠠᠷᠢᠶᠠᠯᠠᠬᠤ ᠣᠷᠣᠨ ᠤ 128 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ | ᠪᠠᠶᠢᠭᠤᠯᠪᠠ᠃ 200 ᠺᠢᠯᠤᠮᠧᠲᠷ ᠥᠨᠳᠥᠷ ᠳᠤᠤᠷ᠎ᠠ ᠬᠦᠴᠦᠳᠡᠯᠲᠦ ᠴᠠᠬᠢᠯᠭᠠᠨ ᠬᠦᠴᠦᠨ ᠤ ᠱᠤᠭᠤᠮ ᠢ ᠷ | ᠦᠭᠡᠷᠡᠴᠢᠯᠡᠵᠥ ᠲᠠᠭᠤᠰᠬᠠᠪᠠ᠃ | ︽ᠵᠢᠷᠭᠤᠭᠠᠨ ᠶᠡᠭᠡ ᠤᠰᠤ ᠭᠠᠳᠠᠭᠰᠢᠯᠠᠭᠤᠯᠬᠤ ᠰᠤᠪᠠᠭ︾ ᠢ 960 ᠺᠢᠯᠤᠮᠧᠲᠷ ᠯᠠᠶᠢᠳᠠᠵᠥ᠂ ᠵᠡᠭᠦᠨ ᠪᠠᠷᠠᠭᠤᠨ | ᠯᠢᠶᠣᠤ ᠾᠧ ᠭᠤᠤᠯ ᠤᠨ ᠴᠢᠩᠭ᠎ᠠ ᠭᠠᠳᠠᠭᠰᠢᠯᠠᠭᠤᠯᠬᠤ ᠥᠷᠲᠡᠭᠡ 6 ᠪᠠᠶᠢᠭᠤᠯᠵᠤ᠂ ᠵᠡᠭᠦᠨ ᠲᠠᠪᠤᠨ ᠭᠡᠷ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠪᠠ ᠵᠡᠭᠦᠨ ᠯᠢᠶᠣᠤ ᠾᠧ ᠭᠤᠤᠯ ᠤᠨ 8 ᠠᠶᠤᠯᠲᠠᠶ | ᠪᠠᠷᠢᠯᠭ᠎ᠠ ᠶᠢᠨ ᠬᠡᠰᠡᠭ ᠢ ᠵᠠᠰᠠᠬᠤ ᠢᠨᠵᠧᠨᠧᠷᠢᠩ ᠢ ᠡᠬᠢᠯᠡᠭᠦᠯᠪᠡ᠃ | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠡᠮᠬᠢ ᠵᠢᠷᠤᠮ ᠲᠠᠢ ᠠᠬᠢᠭᠤᠯᠪᠠ᠃ | ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 15 ᠲᠥᠷᠥᠯ ᠵᠦᠢᠯ ᠢ | ᠬᠡᠷᠡᠭᠵᠢᠭᠦᠯᠵᠦ᠂ 17 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠪᠠ᠃ | ᠨᠣᠭᠤᠭᠠᠨ ᠬᠥᠷᠥᠰᠥ ᠶᠢ ᠨᠡᠮᠡᠭᠳᠡᠭᠦᠯᠵᠦ ᠨᠣᠭᠤᠭᠠᠷᠠᠭᠤᠯᠬᠤ ᠠᠵᠢᠯᠯᠠᠭ᠎ᠠ ᠥᠷᠨᠢᠭᠦᠯᠵᠦ᠂ ᠭᠠᠨᠵᠤᠭ᠎ᠠ ᠪᠠᠯᠭᠠᠰᠤᠨ | ᠤ ᠲᠤᠳᠤᠭᠠᠳᠤᠬᠢ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 40.28% ᠳᠤ ᠬᠦᠷᠪᠡ᠃ | ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠭᠤᠤᠯ ᠬᠤᠲᠠ ᠲᠣᠭᠤᠷᠢᠭ ᠤᠨ ᠵᠠᠮ ᠢ ᠮᠠᠰᠢᠨ ᠢᠶᠠᠷ ᠴᠡᠪᠡᠷᠯᠡᠬᠦ ᠨᠣᠷᠮ᠎ᠠ ᠶᠢ 90% ᠶᠢ ᠲᠠᠪᠠᠭᠤᠯᠪᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠨᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠤᠯᠪᠠ | ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ | ᠮᠥᠩᠭᠦ ᠶᠢ 2.41 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠰᠠᠭᠤᠷᠢ | ᠪᠡᠯᠡᠳᠬᠡᠮᠵᠢ ᠵᠡᠷᠭᠡ 40 ᠲᠥᠷᠥᠯ ᠵᠦᠢᠯ ᠢ ᠭᠡᠷᠡᠭᠵᠢᠬᠦᠯᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ | ᠠᠵᠢᠯ ᠤᠯᠠᠮ ᠨᠢᠭᠡ ᠠᠯᠬᠤᠮ ᠭᠦᠨᠵᠡᠭᠡᠶᠢᠷᠡᠪᠡ᠃ | ︽ᠬᠤᠶᠠᠷ ᠲᠤ ᠵᠣᠪᠠᠭ᠋ᠤ ᠥᠬᠡᠶ ᠪᠠᠶᠢᠬᠤ᠂ ᠭᠤᠷᠪᠠ ᠶᠢ ᠪᠠᠳᠤᠯᠠᠭ᠎ᠠ ᠲᠠᠢ ᠪᠠᠶᠢᠯᠭᠠᠬᠤ︾ ᠵᠢᠴᠢ ᠤᠤᠭᠤᠬᠤ | ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠨᠠᠩ ᠪᠠᠬᠢᠵᠢᠭᠦᠯᠵᠦ᠂ 300 ᠡᠷᠦᠬᠡ ᠶᠢᠨ ᠨᠤᠷᠠᠬᠤ ᠠᠶᠤᠯᠲᠠᠶ | ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ 10 ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ ᠬᠡᠷᠡᠭᠵᠢᠭᠦᠯᠪᠡ᠃ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠵᠤ᠂ 400 | ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 200 ᠴᠠᠬᠢᠯᠭᠠᠨ ᠬᠥᠳᠡᠯᠭᠡᠭᠦᠷᠲᠦ ᠴᠡᠪᠡᠷᠯᠡᠬᠦ ᠲᠡᠷᠭᠡ | ᠬᠤᠳᠠᠯᠳᠤᠨ ᠠᠪᠤᠪᠠ᠃ | | — — ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠪᠠ | | ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠪᠠᠶᠢᠯᠳᠤᠭᠠᠨ ᠢ ᠡᠬᠢᠯᠡᠬᠦᠯᠪᠡ ᠃ | 1160 ᠲᠦᠮᠡᠨ ᠮᠥ ᠡᠯᠡᠰᠦᠷᠬᠡᠭᠵᠢᠭᠰᠡᠨ ᠭᠠᠵᠠᠷ ᠰᠢᠷᠣᠶ ᠳᠤ ᠰᠢᠰᠲ᠋ᠧᠮ ᠲᠠᠢ ᠲᠥᠯᠥᠪᠵᠢᠭᠦᠯᠭᠡ ᠬᠢᠵᠦ᠂ | ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠢᠨᠵᠧᠨᠧᠷᠢᠩ ᠢ 68.48 ᠲᠦᠮᠡᠨ ᠮᠥ᠂ ᠧᠦ᠋ᠷᠣᠫᠠ ᠪᠠᠯᠠ | ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢ ᠠᠰᠢᠬᠯᠠᠵᠥ ᠬᠦᠮᠦᠨ ᠤ ᠬᠦᠴᠦ ᠪᠠᠷ 3 ᠲᠦᠮᠡᠨ ᠮᠥ | ᠤᠶᠢᠵᠢᠭᠤᠯᠤᠨ᠂ ᠬᠤᠷᠴᠢᠨ ᠤ ᠡᠯᠡᠰᠦᠷᠬᠡᠭ ᠭᠠᠵᠠᠷ ᠢ 40 ᠲᠦᠮᠡᠨ ᠮᠥ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠵᠠᠰᠠᠯᠲᠠ ᠶᠢ 10 ᠲᠦᠮᠡᠨ ᠮᠥ ᠬᠡᠷᠡᠭᠵᠢᠭᠦᠯᠪᠡ᠃ | ︽ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ︾ ᠶᠢ ᠬᠠᠮᠠᠭᠠᠯᠠᠬᠤ ᠳᠠᠶᠢᠯᠠᠯᠳᠤᠭᠠᠨ ᠢ | ᠰᠠᠶᠢᠲᠤᠷ ᠬᠢᠪᠡ᠃ | ᠪᠦᠬᠦ ᠬᠤᠰᠢᠭᠤᠨ ᠤ PM2.5 ᠶᠢᠨ ᠲᠤᠮᠳᠠᠴᠢ ᠦᠳᠭᠡᠴᠡ ᠶᠢᠨ ᠬᠡᠮᠵᠢᠶ᠎ᠡ ᠬᠢᠨᠠᠨ ᠰᠢᠯᠭᠠᠬᠤ ᠪᠠᠷᠢᠮᠵᠢᠶᠠᠨ | ᠳᠤ ᠤᠷᠤᠪᠠ᠃ | ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠷᠠᠯ ᠢ ᠠᠷᠢᠯᠭᠠᠬᠤ︾ ᠶᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠭᠤᠣᠯ ᠮᠥᠷᠡᠨ ᠢ 1 ᠲᠦᠮᠡ ᠭᠠᠷᠤᠢ ᠬᠦᠮᠦᠨ ᠤᠳᠠᠭ᠎ᠠ ᠴᠠᠭᠳᠠᠪᠠ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠪᠣᠬᠢᠷᠲᠤᠯ ᠢ ᠡᠬᠢ ᠡᠬᠦᠰᠦᠯ ᠠᠴᠠ ᠨᠢ ᠰᠡᠷᠭᠡᠶᠢᠯᠡᠨ | ᠵᠠᠰᠠᠬᠤ ᠶᠢ ᠴᠢᠩᠭᠠᠳᠬᠠᠵᠤ᠂ 436 ᠲᠦᠮᠡᠨ ᠮᠦ ᠬᠥᠷᠥᠰᠥ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ | ᠣᠷᠣᠭᠤᠯᠬᠤ ᠶᠢ ᠳᠡᠯᠭᠡᠷᠡᠭᠦᠯᠵᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ 91% ᠳᠤ | ᠬᠦᠷᠴᠦ᠂ ᠮᠠᠯ ᠵᠢᠭᠦᠷᠲᠡᠨ ᠤ ᠢᠯᠠᠭᠠᠳᠠᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 84% ᠳᠤ ᠬᠦᠷᠪᠡ᠃ | | | — — ᠭᠤᠣᠯᠳᠠᠯᠭ᠎ᠠ ᠲᠠᠢ ᠥᠭᠡᠷᠡᠴᠢᠯᠡᠯᠲᠡ ᠶᠢ ᠪᠦᠲᠦᠮᠵᠢᠲᠡᠢ ᠨᠠᠶᠢᠳᠠᠪᠤᠷᠢᠵᠢᠭᠤᠯᠪᠠ | | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠪᠡᠶᠡᠯᠡᠬᠦᠯᠪᠡ᠃ | ᠮᠣᠩᠭᠤᠯ ᠡᠮᠨᠡᠯᠭᠡ ᠶᠢᠨ ᠶᠠᠰᠣ ᠵᠠᠰᠠᠬᠤ ᠡᠮᠨᠡᠯᠭᠡ ᠶᠢᠨ ᠬᠤᠷᠢᠶ᠎ᠠ ᠨᠢ ᠶᠠᠰᠣ ᠵᠠᠰᠠᠬᠤ ᠦᠢᠯᠡᠴᠢᠯᠡᠭᠡᠨ ᠤ | ᠣᠯᠥᠰ ᠤᠨ ᠳᠡᠰ ᠤᠨ ᠪᠠᠷᠢᠮᠵᠢᠶᠠᠵᠢᠬᠰᠠᠨ ᠲᠣᠷᠰᠢᠯᠳᠡ ᠶᠢᠨ ᠴᠡᠭ ᠢᠶᠠᠷ ᠵᠦᠪᠰᠢᠶᠡᠷᠡᠭᠳᠡᠪᠡ᠃ ︽ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠲᠤᠲᠤᠷᠭ᠎ᠠ︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨ | ᠦᠬᠡᠷ︾ ᠢ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠥᠪᠥᠷ ᠮᠣᠩᠭᠤᠯ ᠤᠨ ᠣᠷᠣᠨ | ᠨᠤᠲᠤᠭ ᠤᠨ ᠤᠨᠴᠠᠯᠢᠬᠳᠤ ᠪᠦᠲᠦᠭᠡᠭᠳᠡᠬᠦᠨ ᠢᠶᠠᠷ ᠲᠠᠨᠢᠯᠴᠠᠭᠤᠯᠵᠠᠢ᠃ | ᠪᠣᠬᠢᠷᠲᠤᠯ ᠦᠭᠡᠢ ᠢᠳᠡᠭᠡᠨ ᠤ ᠭᠡᠷᠡᠴᠢᠯᠡᠯ ᠢ ᠰᠢᠨ᠎ᠡ ᠪᠠᠷ 5 ᠡᠷᠦᠬᠡ 13 ᠦᠢᠯᠡᠳᠭᠦᠨ ᠨᠡᠮᠡᠭᠳᠡᠭᠦᠯᠪᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠵᠤ᠂ ᠬᠦᠴᠦᠨ ᠲᠠᠢ ᠲᠠᠸᠠᠷ ᠤᠨ ᠲᠡᠮᠳᠡᠭ ᠤᠨ | ᠳᠠᠩᠰᠠᠯᠠᠭᠤᠯᠤᠭᠰᠠᠨ ᠬᠡᠮᠵᠢᠶ᠎ᠡ 1493 ᠬᠤᠪᠢ ᠳᠤ ᠬᠦᠷᠪᠡ᠃ | ᠰᠤᠮᠤ ᠪᠠᠯᠭᠠᠰᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠦᠢᠯᠡᠴᠢᠯᠡᠭᠡᠨ ᠤ | ᠲᠥᠪ ᠢ ᠰᠢᠨ᠎ᠡ ᠪᠠᠷ 5 ᠪᠠᠶᠢᠭᠤᠯᠵᠤ᠂ 40.5 ᠲᠦᠮᠡᠨ ᠮᠦ ᠭᠠᠵᠠᠷ ᠰᠢᠷᠣᠶ ᠶᠢ ᠵᠢᠷᠤᠮᠵᠢᠯ ᠲᠠᠢ ᠡᠮᠬᠢ | ᠵᠢᠷᠤᠮ ᠲᠠᠢ ᠪᠠᠷ ᠡᠷᠭᠢᠯᠳᠦᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 102 ᠲᠦᠮᠡᠨ ᠮᠦ ᠳᠤ | ᠬᠦᠷᠭᠡᠪᠡ᠃ | | — — ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠰᠤᠷᠠᠯᠲᠠ ᠦᠬᠡᠢ ᠨᠡᠮᠡᠭᠳᠡᠪᠡ | | ᠨᠡᠶᠢᠭᠡᠮ ᠤᠨ ᠪᠠᠲᠤᠯᠠᠭ᠎ᠠ ᠨᠡᠩ ᠬᠦᠴᠦᠲᠡᠢ ᠪᠣᠯᠪᠠ᠃ ᠠᠷᠠᠳ ᠤᠨ ᠠᠮᠢᠳᠤᠷᠠᠯ ᠤᠨ ᠵᠠᠷᠤᠯᠭ᠎ᠠ 12.86 | ᠳ᠋ᠦᠩᠰᠢᠭᠤᠷ ᠲᠦᠭᠦᠷᠢᠭ ᠲᠤ ᠬᠦᠷᠴᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠲᠥᠷᠥᠯ ᠤᠨ | ᠨᠥᠬᠦᠪᠦᠷᠢ ᠶᠢ 9.44 ᠳ᠋ᠦᠩᠰᠢᠭᠤᠷ ᠲᠦᠭᠦᠷᠢᠭ ᠲᠠᠷᠬᠠᠭᠠᠪᠠ᠃ | ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1275 ᠂ ᠠᠵᠢᠯ ᠠᠯᠳᠠᠵᠥ ᠲᠡᠬᠢᠨ ᠠᠵᠢᠯ ᠤᠯᠤᠭᠰᠠᠨ | ᠬᠦᠮᠦᠨ 581᠂ ᠬᠤᠲᠠ ᠪᠠᠯᠭᠠᠰᠤᠨ ᠤ ᠲᠠᠩᠰᠠᠯᠭᠤᠯᠤᠭᠰᠠᠨ ᠠᠵᠢᠯ ᠠᠯᠳᠠᠯ ᠤᠨ ᠨᠤᠷᠮ᠎ᠠ 3.88% ᠪᠤᠯᠪᠠ᠃ | 47009 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ | ᠡᠯ᠎ᠡ ᠲᠥᠷᠥᠯ ᠤᠨ ᠠᠵᠢᠯᠲᠠᠨ ᠡᠯᠰᠡᠬᠦ ᠬᠤᠷᠠᠯ ᠢ 38 ᠲᠠᠯᠠᠪᠠᠢ ᠤᠳᠠᠭ᠎ᠠ ᠥᠷᠨᠢᠭᠦᠯᠪᠡ᠃ | 600 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠪᠠ᠃ | ᠰᠤᠮᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 6᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 47 ᠰᠢᠨ᠎ᠡ ᠪᠠᠷ ᠪᠠᠶᠢᠭᠤᠯᠵᠤ᠂ ᠭᠠᠨᠵᠤᠭ᠎ᠠ ᠭᠤᠤᠯ ᠲᠦᠪ | ᠨᠠᠰᠤᠲᠠᠨ ᠢ ᠠᠰᠠᠷᠠᠬᠤ ᠬᠦᠷᠢᠶᠡᠯᠡᠩ᠂ ᠶᠢᠨ ᠪᠦᠦ ᠳᠦᠨ ᠨᠠᠰᠤᠲᠠᠨ ᠢ ᠠᠰᠠᠷᠠᠬᠤ ᠬᠦᠷᠢᠶᠡᠯᠡᠩ ᠤᠨ ᠡᠪᠳᠡᠷᠡᠭᠰᠡᠨ | ᠲᠥᠬᠦᠭᠡᠷᠦᠮᠵᠢ ᠶᠢ ᠰᠡᠯᠪᠢᠨ ᠵᠠᠰᠠᠪᠠ᠃ | 1508 ᠨᠡᠷᠡᠰ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭᠠᠳᠤ ᠬᠦᠮᠦᠨ ᠂ 281 | ᠨᠡᠷᠡᠰᠣᠨᠴᠠ ᠬᠦᠴᠢᠷᠳᠡᠯᠲᠡᠶ ᠬᠥᠮᠦᠨ ᠢ ᠰᠢᠨ᠎ᠡ ᠪᠠᠷ ᠢᠯᠭᠠᠨ ᠲᠠᠨᠢᠪᠠ᠃ | ᠪᠦᠬᠦ ᠬᠤᠰᠢᠭᠤᠨ ᠤ ᠨᠠᠰᠤᠵᠢᠯ ᠤᠨ ᠲᠠᠭᠠᠳᠬᠠᠯ ᠳᠤ 22.57 ᠲᠦᠮᠡᠨ ᠬᠦᠮᠦᠨ ᠤᠷᠤᠯᠴᠠᠵᠥ᠂12.86 | ᠳ᠋ᠦᠩᠰᠢᠭᠤᠷ ᠲᠦᠭᠦᠷᠢᠭ ᠤᠨ ᠨᠠᠰᠤᠵᠢᠯ ᠤᠨ ᠲᠠᠭᠠᠳᠬᠠᠯ ᠤᠨ ᠪᠡᠯᠡ ᠮᠦᠩᠬᠦ ᠲᠠᠷᠬᠠᠭᠠᠪᠠ᠃ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡᠨ ᠤ ᠲᠠᠭᠠᠳᠬᠠᠯ ᠳᠤ 28.1 ᠲᠦᠮᠡᠨ ᠬᠦᠮᠦᠨ | ᠤᠷᠤᠯᠴᠠᠵᠥ ᠨᠢᠭᠡᠳᠦᠯᠳᠡᠢ ᠰᠠᠭᠤᠷᠢ ᠮᠦᠩᠬᠦ ᠶᠢ 1.9 ᠳ᠋ᠦᠩᠰᠢᠭᠤᠷ ᠲᠦᠭᠦᠷᠢᠭ ᠦᠭᠪᠡ᠃ | ᠬᠠᠷᠢᠶ᠎ᠠ ᠣᠷᠣᠨ ᠤ 25 ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ ᠢᠶᠠᠷ ᠢᠶᠠᠨ ᠮᠤᠵᠢ | ᠠᠯᠤᠰᠯᠠᠨ ᠳ᠋ᠦᠩᠨᠡᠨ ᠪᠤᠳᠤᠬᠤ ᠡᠷᠬᠡ ᠮᠡᠳᠡᠯ ᠢ ᠨᠡᠪᠲᠡᠷᠡᠭᠦᠯᠪᠡ᠃ | ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠡᠪᠰᠢᠪᠡ | 2023 ᠣᠨ ᠤ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠥᠯᠢᠭᠡᠷ ᠶᠠᠩᠵᠥ ᠶᠢᠨ ᠰᠢᠶᠠᠨ ᠤ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠪᠡᠶᠡᠯᠡᠬᠦᠯᠪᠡ᠃ | ︽ᠠᠯᠪᠠᠨ ᠵᠢᠷᠤᠮ ᠤᠨ ᠰᠤᠷᠭᠠᠨ ᠬᠥᠮᠦᠵᠢᠯ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ | ᠨᠦᠬᠦᠴᠡᠯ ᠢ ᠥᠭᠡᠷᠡᠴᠢᠯᠡᠬᠦ︾ ᠲᠦᠷᠦᠯ ᠵᠦᠢᠯ ᠢ 8 ᠂ ᠰᠤᠷᠭᠠᠨ ᠬᠥᠮᠦᠵᠢᠯ ᠪᠠᠷ ᠤᠯᠤᠰ ᠢᠶᠠᠨ | ᠬᠦᠴᠦᠷᠭᠡᠭᠵᠢᠬᠦᠯᠬᠦ ᠲᠦᠷᠦᠯ ᠵᠦᠢᠯ 3 ᠭᠡᠷᠡᠭᠵᠢᠬᠦᠯᠪᠡ᠃ | ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠤᠯ ᠤᠨ ᠪᠠᠶᠢᠷᠢ ᠶᠢᠨ ᠠᠰᠠᠷ ᠤᠨ ᠥᠭᠡᠷᠡᠴᠢᠯᠡᠯᠲᠡ ᠶᠢ | ᠪᠡᠶᠡᠯᠡᠭᠦᠯᠵᠦ᠂ ᠰᠢᠨ᠎ᠡ ᠬᠤᠭᠤᠯᠠᠨ ᠭᠡᠷ᠂ ᠪᠠᠶᠢᠷᠢ ᠶᠢᠨ ᠠᠰᠠᠷ᠂ ᠵᠢᠭᠠᠨ ᠰᠤᠷᠭᠠᠯᠲᠠ ᠶᠢᠨ ᠠᠰᠠᠷ ᠢ ᠡᠬᠢᠯᠡᠨ | ᠪᠦᠲᠦᠭᠡᠨ ᠪᠠᠶᠢᠭᠤᠯᠪᠠ᠃ | 26017 ᠬᠥᠮᠦᠨ ᠤᠳᠠᠭ᠎ᠠ ᠳᠤ ︽ᠬᠤᠶᠠᠷ ᠥᠮᠡᠨ︾ ᠤ ᠰᠢᠭᠰᠢᠨ ᠪᠠᠶᠢᠴᠭᠠᠯᠳᠠ ᠬᠢᠪᠡ᠃ | ᠮᠣᠩᠭᠤᠯ ᠡᠮᠨᠡᠯᠭᠡ ᠶᠢᠨ ᠶᠠᠰᠤ ᠵᠠᠰᠠᠬᠤ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ ᠶᠢᠨ ᠳᠠᠬᠢᠨ ᠬᠢᠨᠠᠯᠳᠠ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠰᠢᠯᠭᠠᠨ ᠬᠤᠷᠢᠶᠠᠬᠤ ᠶᠢ | ᠦᠩᠭᠡᠷᠡᠬᠦᠯᠪᠡ ᠃ | ᠭᠤᠤᠯ ᠬᠤᠲᠠ ᠶᠢᠨ ᠲᠣᠭᠤᠷᠢᠭ ᠨᠢ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠥᠪᠡᠷᠲᠡᠭᠡᠨ | ᠵᠠᠰᠠᠬᠤ ᠣᠷᠣᠨ ᠤ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠡᠵᠦ᠂ ᠬᠤᠲᠠ ᠶᠢᠨ ᠲᠡᠰ ᠤᠨ ᠡᠷᠡᠭᠦᠯ ᠮᠡᠨᠳᠦ ᠶᠢᠨ | ᠨᠡᠶᠢᠭᠡᠮ ᠲᠣᠭᠤᠷᠢᠭ ᠢ 15 ᠪᠠᠶᠢᠭᠤᠯᠪᠠ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠦᠽᠧᠶ ᠠᠰᠢᠭᠯᠠᠯᠲᠠ ᠳᠤ ᠣᠷᠣᠵᠤ᠂ ᠬᠤᠰᠢᠭᠤᠨ ᠤ | ᠤᠯᠠᠭᠠᠨᠮᠥ᠋ᠴᠢᠷ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠡᠮᠡᠭᠲᠡᠶᠢᠴᠦᠳ ᠤᠨ | ᠪᠣᠯᠪᠠᠰᠤᠨ ᠠᠵᠢᠯ ᠤᠨ ᠪᠠᠶᠢᠷᠢ︾ ᠶᠢᠨ ᠢᠷᠠᠭᠤ ᠠᠯᠳᠠᠷ ᠢ ᠭᠥᠷᠳᠡᠪᠡ᠃ | ᠭᠤᠴᠢᠨ ᠨᠢᠭᠡᠳᠦᠭᠡᠷ ᠬᠤᠭᠤᠴᠠᠭᠠᠨ ᠤ ︽ᠱᠤᠩᠬᠤᠷ ᠤᠨ ᠴᠤᠬᠯᠠᠭᠠᠨ︾ ᠤ ᠨᠠᠶᠢᠷ᠂ ᠵᠢᠷᠭᠤᠳᠤᠭᠠᠷ | ᠬᠤᠭᠤᠴᠠᠭᠠᠨ ᠤ ᠤᠳᠠᠨᠳᠠᠯ᠎ᠠ ᠪᠠᠲᠤᠴᠠᠭᠠᠨ ᠤ ᠨᠠᠶᠢᠷ ᠢ ᠠᠮᠵᠢᠯᠲᠠ ᠲᠠᠢ ᠡᠷᠭᠢᠯᠡᠵᠦ᠂ ᠲᠦᠩᠯᠢᠶᠣᠤ ᠬᠤᠲᠠ ᠶᠢᠨ | ᠬᠤᠷᠢᠨ ᠳᠥᠷᠪᠡᠳᠦᠭᠡᠷ ᠬᠤᠭᠤᠴᠠᠭᠠᠨ ᠤ ︽8 · 18︾ ᠵᠢᠷᠢᠮ ᠤᠨ ᠮᠣᠷᠢᠨ ᠤᠷᠤᠯᠳᠤᠭᠠᠨ ᠤ ᠨᠠᠶᠢᠷ ᠲᠤ | ᠶᠡᠷᠦᠩᠬᠡᠶᠢᠯᠡᠭᠰᠡᠨ ᠬᠢᠷᠢ ᠪᠦᠲᠦᠮᠵᠢ ᠪᠠᠷ ᠬᠤᠶᠠᠳᠤᠭᠠᠷ ᠲᠤ ᠵᠢᠭᠰᠠᠭᠠᠭᠳᠠᠪᠠ᠃ | ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠭᠤᠷᠢᠶᠠᠯ | ᠬᠤᠰᠢᠭᠤ ᠶᠢ ᠠᠮᠵᠢᠯᠲᠠ ᠲᠠᠢ ᠪᠠᠷ ᠳᠠᠬᠢᠨ ᠡᠭᠦᠳᠴᠦ᠂ ᠬᠤᠲᠠ᠂ ᠬᠤᠰᠢᠭᠤ ᠬᠤᠶᠠᠷ ᠱᠠᠲᠤᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠨᠢᠭᠡᠴᠡ ᠶᠢ 63 ᠡᠭᠦᠳᠦᠨ ᠪᠠᠶᠢᠭᠤᠯᠪᠠ᠃ | | — — ᠨᠡᠶᠢᠭᠡᠮ ᠤᠨ ᠵᠠᠰᠠᠯᠲᠠ ᠶᠢ ᠭᠦᠨᠵᠡᠭᠡᠢ ᠠᠬᠢᠭᠤᠯᠪᠠ | | ᠦᠢᠯᠡᠳᠪᠦᠷᠢᠯᠡᠯ ᠤᠨ ᠠᠮᠦᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ᠂ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ︽ᠭᠤᠷᠪᠠᠨ ᠪᠦᠲᠦᠭᠡᠭᠳᠡᠬᠦᠨ ᠨᠢᠭᠡ ᠤᠨᠴᠠᠭᠠᠢ︾ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠤᠨ᠂ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠪᠡ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠪᠡ᠃ | ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ ᠶᠢ ᠪᠠᠷᠢᠮᠲᠠᠯᠠᠨ᠂ ︽2 +N︾ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ ᠶᠡᠭᠡ ᠪᠠᠷ ᠪᠠᠭᠤᠷᠠᠪᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠢᠭᠡ | ᠤᠳᠠᠭᠠᠨ ᠤ ᠠᠮᠢᠨ ᠭᠡᠷᠡᠭ ᠲᠠᠯᠳᠠ ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠦ᠂ ᠰᠢᠨ᠎ᠡ ᠪᠠᠷ ᠡᠬᠦᠰᠴᠦ ᠪᠠᠶᠢᠭ᠎ᠠ | ᠠᠮᠢᠨ ᠬᠡᠷᠡᠭ ᠢ 15 ᠵᠢᠯ ᠳᠠᠷᠠᠭᠠᠯᠠᠨ ᠪᠦᠬᠦᠨ ᠢ ᠡᠪᠳᠡᠨ ᠢᠯᠡᠷᠡᠭᠦᠯᠪᠡ᠃ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠦᠭᠬᠦ ᠲᠤᠮᠳᠠ ︽ᠬᠤᠶᠠᠷ ᠢ | ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠶᠢ ᠪᠡᠶᠡᠯᠡᠭᠦᠯᠵᠦ᠂ ᠪᠥᠬᠦ ᠤᠯᠤᠰ ᠤᠨ ᠬᠠᠮᠳᠤᠷᠠᠯ ᠤᠨ | ᠳᠠᠶᠢᠯᠠᠯᠳᠤᠭᠠᠨ ᠢ 1 ᠤᠳᠠᠭ᠎ᠠ ᠬᠢᠵᠦ᠂ ᠬᠡᠷᠡᠭ ᠲᠤ ᠬᠤᠯᠪᠣᠭᠳᠠᠭᠰᠠᠨ 157 ᠬᠥᠮᠦᠨ ᠢ ᠪᠠᠷᠢᠪᠴᠢᠯᠠᠪᠠ᠃ | |