| | 1 ᠰᠠᠷ᠎ᠠ ᠶᠢᠨ 17 ᠤ ᠡᠳᠦᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠬᠤᠷᠠᠯ ᠤᠨ | ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 228 ᠨᠡᠷᠡᠰ ᠂ ᠲᠣᠰ ᠤᠳᠠᠭᠠᠨ ᠤ ᠪᠥᠬᠦᠳᠡ | ᠬᠤᠷᠠᠯ ᠳᠤ 217 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠤᠬᠳᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | | ᠦᠳᠡ ᠶᠢᠨ ᠡᠮᠦᠨ᠎ᠡ ᠶᠢᠨ 9 ᠴᠠᠭ ᠲᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠲᠡᠷᠢᠬᠦᠯᠡᠭᠴᠢ ᠰᠦᠩ ᠵᠤᠷᠢᠬᠳᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠭᠰᠡᠨ ᠢ | ᠵᠠᠷᠯᠠᠪᠠ᠃ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠭᠦᠸᠧ | ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ | ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | | | ᠮᠡᠳᠡᠭᠦᠯᠦᠯᠲᠡ ᠨᠢ 2023 ᠣᠨ ᠤ ᠠᠵᠢᠯ ᠤᠨ ᠳ᠋ᠦᠩᠨᠡᠯᠲᠡ᠂ 2024 ᠣᠨ ᠤ ᠠᠵᠢᠯ ᠤᠨ | ᠲᠣᠬᠢᠷᠠᠭᠤᠯᠤᠯᠲᠠ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠭᠡᠬᠦ ᠭᠤᠷᠪᠠᠨ ᠬᠡᠰᠡᠭ ᠢᠶᠠᠷ | ᠪᠦᠷᠢᠯᠳᠦᠪᠡ᠄ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠨᠢᠭᠡ | ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠡᠮᠡᠴᠡᠬᠦ ᠬᠠᠷᠠᠯᠲᠠ ᠶᠢ ᠴᠢᠩᠭ᠎ᠠ | ᠮᠦᠷᠳᠡᠵᠥ᠂ ᠡᠷᠴᠢ ᠵᠣᠷᠢᠭ ᠢᠶᠠᠨ ᠬᠥᠪᠴᠢᠯᠡᠵᠦ᠂ ᠬᠦᠴᠢᠷ ᠢ ᠲᠤᠭᠤᠯᠤᠨ ᠪᠡᠷᠬᠡ ᠶᠢ ᠲᠠᠪᠠᠭᠰᠠᠨ ᠠᠴᠠ ᠠᠵᠤ | ᠠᠬᠤᠶ ᠨᠡᠶᠢᠭᠡᠮ ᠲᠣᠭᠲᠠᠭᠤᠨ ᠰᠠᠶᠢᠨ ᠬᠠᠨᠳᠤᠰᠢ ᠲᠠᠢ ᠪᠤᠯᠪᠠ᠃ ᠵᠢᠱᠢᠯᠲᠡ ᠪᠠᠷ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 7% ᠣᠷᠴᠢᠮ ᠨᠡᠮᠡᠭᠳᠡᠪᠡ︔ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 4.57 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠨ᠂ ᠬᠤᠶᠠᠷ ᠲᠦᠷᠦᠯ ᠤᠨ ᠵᠢᠭᠠᠯᠳᠠ ᠲᠤᠭ᠎ᠠ ᠶᠢᠨ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ︔ ᠵᠢᠱᠢᠯᠳᠡ ᠪᠠᠷ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 33.4 ᠳ᠋ᠦᠩᠰᠢᠭᠤᠷ ᠲᠥᠭᠦᠷᠢᠭ ᠪᠡᠶᠡᠯᠡᠬᠦᠯᠵᠥ᠂ ᠠᠳᠠᠯᠢ | ᠬᠤᠭᠤᠴᠠᠭᠠᠨ ᠤ ᠬᠢ ᠠᠴᠠ 58.3 % ᠪᠠᠷ ᠨᠡᠮᠡᠭᠳᠡᠪᠡ︔ ᠵᠢᠱᠢᠯᠳᠡ ᠪᠠᠷ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 26.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3% ᠣᠷᠴᠢᠮ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 35957 ᠲᠥᠭᠦᠷᠢᠭ᠂ 19437 ᠲᠥᠭᠦᠷᠢᠭ ᠲᠤ | ᠬᠦᠷᠴᠦ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 6% ᠪᠠ 8 % ᠪᠠᠷ ᠨᠡᠮᠡᠭᠳᠡᠪᠡ᠃ | ᠨᠢᠭᠡ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠪᠠ ︔ ᠬᠤᠶᠠᠷ᠂ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠲᠡᠭᠡᠭᠰᠢᠯᠡᠨ ᠦᠷ᠎ᠡ ᠠᠰᠢᠭ ᠨᠡᠮᠡᠭᠳᠡᠪᠡ ︔ ᠭᠤᠷᠪᠠ᠂ ᠬᠤᠳᠠ ᠬᠥᠳᠡᠭᠡ ᠶᠢᠨ | ᠳᠦᠷᠰᠦ ᠪᠠᠶᠢᠳᠠᠯ ᠢᠯᠡᠳᠲᠡ ᠰᠠᠶᠢᠵᠢᠷᠠᠪᠠ︔ ᠳᠥᠷᠪᠡ᠂ ᠠᠮᠢ ᠠᠬᠤᠢ ᠶᠢᠨ ᠣᠷᠴᠢᠨ ᠨᠥᠬᠦᠴᠡᠯ ᠦᠷᠭᠦᠯᠵᠢᠯᠡᠨ | ᠰᠠᠶᠢᠵᠢᠷᠠᠪᠠ︔ ᠲᠠᠪᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠠ ︔ | ᠵᠢᠷᠭᠤᠭ᠎ᠠ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠦᠭᠡᠢ ᠨᠡᠮᠡᠭᠳᠡᠪᠡ᠃ ᠲᠤᠯᠤᠭ᠎ᠠ᠂ | ᠨᠡᠶᠢᠭᠡᠮ ᠤᠨ ᠵᠠᠰᠠᠯᠲᠠ ᠶᠢ ᠭᠦᠨᠵᠡᠭᠡᠢ ᠠᠬᠢᠭᠤᠯᠪᠠ | | | ᠮᠡᠳᠡᠬᠦᠯᠦᠯᠳᠡ ᠳᠤ ᠵᠢᠭᠠᠭᠰᠠᠨ ᠨᠢ᠂ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ | ᠵᠠᠰᠠᠭ ᠤᠨ ᠣᠷᠳᠣᠨ ᠤ ᠰᠢᠰᠲ᠋ᠧᠮ ︽ᠰᠤᠷᠲᠠᠯ ᠢᠶᠠᠨ ᠬᠤᠪᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ | ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠤᠷᠳᠤᠨ ᠤ ᠠᠵᠢᠯ | ᠤᠨ ᠲᠦᠷᠢᠮ ᠢ ᠵᠠᠰᠠᠨ ᠲᠡᠬᠦᠯᠳᠡᠷᠵᠢᠬᠦᠯᠵᠥ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠪᠡ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠡᠷᠡᠰ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ | ᠪᠤᠢ ᠪᠣᠯᠭᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ | ᠦᠭᠡ ᠬᠡᠯᠡᠬᠦ ᠡᠷᠬᠡ ᠶᠢ ᠪᠠᠲᠤ ᠡᠵᠡᠮᠰᠢᠵᠦ᠂ ᠵᠠᠰᠠᠭ ᠤᠨ ᠣᠷᠳᠣᠨ ᠤ ᠠᠵᠢᠯ ᠤᠨ ᠲᠦᠷᠢᠮ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠭᠠᠷ ᠬᠢᠨᠠᠯᠲᠠ ᠲᠠᠯᠪᠢᠬᠤ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ | 76 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 150 ᠬᠤᠪᠢ | ᠭᠦᠢᠴᠡᠳᠬᠡᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠪᠦᠬᠦ ᠲᠠᠯ᠎ᠠ ᠪᠠᠷ ᠪᠡᠶᠡᠯᠡᠬᠦᠯᠪᠡ᠃ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠪᠠ᠃ ᠵᠠᠰᠠᠭ ᠤᠨ ᠣᠷᠳᠣᠨ ᠠᠷᠪᠢᠯᠠᠨ | ᠭᠠᠮᠨᠠᠬᠤ ᠶᠢ ᠪᠠᠷᠢᠮᠲᠠᠯᠠᠵᠤ᠂ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ | ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠲᠤ | ᠭᠡᠷᠡᠭᠯᠡᠪᠡ᠃ ︽ᠰᠢᠢᠳᠪᠦᠷᠢᠯᠡᠬᠦ︾ ᠰᠡᠳᠬᠢᠬᠦᠶ ᠪᠠᠨ ᠴᠢᠩᠭᠠᠷᠠᠭᠤᠯᠵᠤ᠂ ᠬᠦᠴᠢᠷᠳᠡᠯ ᠢᠶᠠᠷ ᠰᠢᠯᠲᠠᠭ ᠪᠤᠯᠭᠠᠬᠤ | ᠦᠬᠡᠢ᠂ ᠵᠥᠪᠬᠡᠨ ᠠᠮᠵᠢᠯᠲᠠ ᠤᠯᠬᠤ ᠠᠷᠭ᠎ᠠ ᠪᠤᠳᠤᠨ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠪᠠ | ᠦᠢᠯᠡᠴᠢᠯᠡᠬᠦ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠭᠠᠤᠯᠪᠠ᠃ | ᠢᠯᠡᠳᠬᠡᠯ ᠳᠤ 2024 ᠣᠨ ᠤ ᠵᠠᠰᠠᠭ ᠤᠨ ᠣᠷᠳᠣᠨ ᠤ ᠠᠵᠢᠯ ᠤᠨ ᠭᠤᠣᠯ ᠬᠠᠷᠠᠯᠲᠠ ᠡᠭᠦᠷᠭᠡ ᠶᠢ | ᠳᠤᠷᠠᠳᠤᠨ ᠭᠠᠷᠭᠠᠪᠠ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ | ᠤᠷᠢᠳ ᠢᠶᠠᠷ ᠨᠡᠮᠡᠵᠥ ᠳᠠᠷᠠᠭ᠎ᠠ ᠨᠢ ᠬᠠᠰᠤᠬᠤ ᠶᠢ ᠪᠠᠷᠢᠮᠲᠠᠯᠠᠵᠤ᠂ ᠴᠢᠨᠠᠷ ᠰᠠᠶᠢᠳᠠᠢ ᠬᠦᠭᠵᠢᠯᠳᠡ ᠶᠢ ᠴᠢᠷᠮᠠᠶᠢᠨ | ᠠᠬᠢᠭᠤᠯᠵᠥ᠂ ᠬᠦᠭᠵᠢᠬᠦᠯᠬᠦ ᠪᠠ ᠠᠮᠦᠷ ᠲᠦᠪᠰᠢᠨ ᠢ ᠨᠢᠭᠡᠳᠦᠯᠳᠡᠢ ᠲᠦᠯᠦᠪᠵᠢᠬᠦᠯᠵᠥ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ︽ᠰᠢᠨ᠎ᠡ ᠵᠠᠮ ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠪᠠ ᠲᠤᠯᠤᠭᠠᠨ ᠵᠦᠢᠯ ᠤᠨ | ᠭᠤᠤᠯᠳᠠᠯᠭ᠎ᠠ ᠲᠠᠢ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ | ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠵᠢᠷᠭᠤᠭᠠᠨ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ | ᠵᠦᠶ ᠵᠣᠬᠢᠰᠲᠠᠶ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠲᠠᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠬᠤᠰᠢᠭᠤ ᠶᠢ ᠴᠢᠷᠮᠠᠶᠢᠨ ᠡᠭᠦᠳᠬᠦ ᠶᠢ ᠦᠷᠭᠦᠯᠵᠢᠯᠡᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% | ᠤᠷᠴᠢᠮ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠨᠢᠳᠤᠨᠤᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ | ᠲᠤᠰ 6%᠂ 8% ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ ᠠᠵᠢᠯ | ᠠᠯᠳᠠᠯᠲᠠ ᠶᠢᠨ ᠨᠣᠷᠮ᠎ᠠ ᠶᠢ 5% ᠳᠣᠲᠣᠷ᠎ᠠ ᠬᠢᠵᠠᠭᠠᠷᠯᠠᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ | ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ 2024 ᠣᠨ ᠳᠤ ᠳᠣᠣᠷᠠᠬᠢ ᠬᠡᠳᠦᠨ ᠵᠦᠢᠯ ᠤᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ ᠨᠢᠭᠡ᠂ ᠪᠡᠯᠡ ᠣᠷᠣᠭᠤᠯᠤᠯᠲᠠ ᠶᠢ ᠥᠷᠭᠡᠳᠬᠡᠵᠦ᠂ ᠨᠡᠭᠡᠭᠡᠯᠲᠡ ᠶᠢ | ᠠᠬᠢᠭᠤᠯᠵᠤ᠂ ᠳᠠᠪᠠᠯᠲᠠ ᠲᠠᠢ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠤᠨ᠎ᠠ᠃ ᠬᠤᠶᠠᠷ᠂ ᠲᠤᠯᠭᠠᠭᠤᠷᠢ ᠶᠢ | ᠪᠣᠰᠬᠠᠵᠤ᠂ ᠬᠡᠯᠬᠢᠶ᠎ᠡ ᠶᠢ ᠤᠷᠲᠤᠳᠬᠠᠵᠤ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠨ᠎ᠡ ᠰᠢᠰᠲ᠋ᠧᠮ ᠢ | ᠪᠠᠶᠢᠭᠤᠯᠤᠨ᠎ᠠ᠃ ᠭᠤᠷᠪᠠ᠂ ᠠᠵᠤ ᠦᠢᠯᠡᠰ ᠢ ᠬᠥᠭᠵᠢᠭᠦᠯᠵᠦ᠂ ᠵᠣᠯᠭᠠᠯᠴᠠᠭ᠎ᠠ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠡᠭᠦᠳᠦᠨ᠎ᠡ᠃ ᠳᠥᠷᠪᠡ᠂ ᠬᠠᠩᠭᠠᠯᠭ᠎ᠠ ᠶᠢ ᠰᠢᠯᠢᠳᠡᠭᠵᠢᠭᠦᠯᠵᠦ᠂ | ᠦᠢᠯᠡᠴᠢᠯᠡᠭᠡ ᠶᠢ ᠳᠡᠭᠡᠭᠰᠢᠯᠡᠭᠦᠯᠦᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ | ᠵᠣᠯᠭᠠᠭᠤᠯᠤᠨ᠎ᠠ᠃ ᠲᠠᠪᠤ᠂ ᠪᠦᠲᠦᠭᠡᠨ ᠪᠠᠶᠢᠭᠤᠯᠤᠯᠲᠠ ᠶᠢ ᠠᠳᠬᠤᠵᠤ᠂ ᠬᠠᠮᠢᠶᠠᠷᠤᠯᠲᠠ ᠶᠢ ᠴᠢᠩᠭᠠᠳᠬᠠᠵᠤ᠂ ᠬᠤᠳᠠ | ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠰᠢᠯᠢᠳᠡᠭᠵᠢᠭᠦᠯᠦᠨ᠎ᠡ᠃ ᠵᠢᠷᠭᠤᠭ᠎ᠠ᠂ ᠠᠮᠢ ᠠᠬᠤᠢ ᠶᠢ | ᠬᠠᠮᠠᠭᠠᠯᠠᠨ᠂ ᠬᠤᠷᠢᠭ᠎ᠠ ᠱᠤᠭᠤᠮ ᠢ ᠰᠠᠬᠢᠵᠤ᠂ ᠨᠣᠭᠤᠭᠠᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ | ᠵᠢᠷᠤᠭᠯᠠᠨ᠎ᠠ᠃ ᠲᠤᠯᠤᠭ᠎ᠠ᠂ ᠥᠭᠡᠷᠡᠴᠢᠯᠡᠯᠲᠡ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠪᠠᠶᠢᠭᠤᠯᠤᠮᠵᠢ ᠲᠣᠭᠲᠠᠴᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠨᠠᠢᠮᠠ᠂ ᠳᠤᠲᠠᠭᠤᠳᠠᠯ ᠢ | ᠨᠥᠬᠦᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ | ᠬᠠᠩᠭᠠᠨ᠎ᠠ᠃ | ᠢᠯᠡᠳᠬᠡᠯ ᠳᠤ ᠪᠠᠰᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠱᠠᠭᠠᠷᠳᠠᠯᠭ᠎ᠠ ᠳᠤᠷᠠᠳᠴᠠᠢ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠮᠠᠭᠲᠠ ᠵᠠᠰᠠᠭ ᠶᠠᠪᠤᠭᠤᠯᠬᠤ ᠬᠠᠷᠠᠯᠲᠠ ᠪᠠᠨ | ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠦᠨᠡᠨ ᠬᠦ ᠲᠦᠷᠭᠡᠳᠬᠡᠵᠦ᠂ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ ᠃ ᠨᠢᠭᠡ᠂ | ᠲᠤᠯᠭᠤᠷ ᠵᠤᠷᠢᠯᠳᠠ ᠪᠠᠨ ᠡᠭᠦᠷᠢᠳᠡ ᠬᠠᠳᠠᠭᠠᠯᠠᠵᠤ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠦᠨ᠎ᠡ︔ | ᠬᠤᠶᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠶᠢᠨ ᠰᠠᠭᠤᠷᠢ ᠶᠢ | ᠪᠠᠬᠢᠵᠢᠭᠦᠯᠦᠨ᠎ᠡ᠃ ᠭᠤᠷᠪᠠ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠦᠨᠳᠦ | ᠡᠭᠦᠷᠭᠡ ᠶᠢ ᠡᠬᠦᠷᠭᠡᠯᠡᠨ᠎ᠡ᠃ ᠳᠥᠷᠪᠡ᠂ ᠠᠷᠢᠭᠤᠨ ᠴᠢᠬᠡᠴᠢ ᠪᠠᠶᠢᠬᠤ ᠰᠤᠷᠲᠠᠯ ᠢ ᠬᠠᠳᠠᠭᠠᠯᠠᠵᠤ᠂ ᠠᠷᠢᠭᠤᠨ | ᠴᠢᠬᠡᠴᠢ ᠶᠢᠨ ᠮᠥᠨ ᠴᠢᠨᠠᠷ ᠢ ᠬᠢᠴᠢᠶᠡᠩᠭᠦᠶᠢᠯᠡᠨ ᠰᠠᠬᠢᠨ᠎ᠠ᠃ | ᠭᠦᠸᠧ ᠲᠢᠶᠠᠨ ᠪᠦᠦ ᠬᠠᠮᠤᠭ ᠰᠡᠭᠦᠯ ᠳᠤ᠂ ᠰᠢᠨ᠎ᠡ ᠴᠠᠭ ᠦᠶ᠎ᠡ ᠳᠤ ᠲᠠᠯᠠᠷᠬᠠᠵᠤ᠂ ᠰᠢᠨ᠎ᠡ ᠠᠶᠠᠨ ᠳᠠᠭᠠᠨ | ᠡᠷᠡᠯᠬᠡᠭᠯᠡᠨ ᠤᠷᠤᠰᠢᠯᠠᠬᠤ ᠡᠷᠴᠢ ᠵᠤᠷᠢᠭ ᠢᠶᠠᠨ ᠢᠯᠡᠳᠭᠡᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠬᠠᠷᠢᠭᠤᠴᠠᠯᠭ᠎ᠠ ᠭᠤᠣᠯ | ᠠᠵᠢᠯ ᠢ ᠪᠠᠲᠤ ᠡᠵᠡᠮᠳᠡᠨ᠂ ᠶᠡᠭᠡ ᠲᠠᠯ᠎ᠠ ᠶᠢ ᠪᠣᠳᠣᠯᠬᠢᠯᠠᠵᠤ᠂ ᠵᠠᠩᠭᠢᠯᠠᠭ᠎ᠠ ᠶᠢᠨ ᠭᠠᠵᠠᠷ ᠲᠤ ᠨᠠᠶᠢᠳᠠᠪᠤᠷᠢᠵᠢᠭᠤᠯᠵᠤ᠂ | ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ | ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠥ ᠤᠷᠢᠶᠠᠯᠠᠪᠠ᠃ | ᠶᠡᠭᠡ ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠶᠢᠨ ᠱᠧᠩ ᠤᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ | ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠶᠡᠭᠡ ᠬᠤᠷᠠᠯ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ | ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠡᠢ᠃ | ᠶᠡᠭᠡ ᠬᠤᠷᠠᠯ ᠠᠴᠠ ᠪᠢᠴᠢᠭ ᠤᠨ ᠬᠡᠯᠪᠡᠷᠢ ᠪᠠᠷ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2023 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ | ᠪᠠᠶᠢᠳᠠᠯ ᠪᠣᠯᠣᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2023 | ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠣᠨ 2024 ᠣᠨ ᠤ ᠡᠳ᠋ ᠤᠨ ᠵᠠᠰᠠᠭ ᠤᠨ | ᠲᠥᠰᠥᠪ ᠤᠨ ᠲᠥᠰᠥᠯ ᠤᠨ ᠮᠡᠳᠡᠭᠦᠯᠦᠯᠲᠡ︾ ︽ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ | ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠳᠠᠷᠤᠮᠠᠯᠯᠠᠨ ᠲᠠᠷᠬᠠᠭᠠᠪᠠ᠃ | ᠶᠡᠭᠡ ᠬᠤᠷᠠᠯ ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ᠂ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠲᠤᠬᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠶᠢᠨ ᠫᠢᠶᠤᠤ ᠦᠭᠬᠦ ᠠᠷᠭ᠎ᠠ ᠶᠢ ᠪᠠᠲᠤᠯᠠᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ᠂ ᠤᠯᠤᠰ ᠲᠥᠷᠥ ᠶᠢᠨ ᠵᠥᠪᠯᠡᠯᠭᠡᠨ ᠤ | ᠬᠤᠷᠢᠶ᠎ᠠ ᠶᠢᠨ ᠪᠥᠬᠦ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ᠂ ᠬᠤᠰᠢᠭᠤᠨ ᠳᠤ ᠰᠠᠭᠤᠭ᠎ᠠ ᠲᠦᠪ ᠤᠷᠤᠨ ᠬᠤᠳᠠ | ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷ᠂ ᠰᠤᠮᠤ ᠪᠠᠯᠭᠠᠰᠤ ᠲᠠᠯᠠᠪᠠᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠯᠭᠠᠰᠤᠨ | ᠳᠠᠷᠤᠭ᠎ᠠ ︵ᠰᠤᠮᠤ︶᠂ ᠪᠤᠰᠤᠳ ᠰᠤᠯᠠ ᠣᠷᠣᠯᠴᠠᠭᠰᠠᠳ ᠬᠤᠷᠠᠯ ᠳᠤ ᠰᠤᠯᠠ ᠣᠷᠣᠯᠴᠠᠪᠠ᠃ | | |