ᠵᠢᠷᠤᠭᠳᠤ ᠲᠠᠶᠢᠯᠤᠮᠵᠢ᠄ 2024 ᠣᠨ ᠤ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2024/1/19
   2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃  ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠨᠡᠮᠡᠵᠥ ᠳᠠᠷᠠᠭ᠎ᠠ ᠨᠢ ᠬᠠᠰᠤᠬᠤ ᠶᠢ  ᠪᠠᠷᠢᠮᠲᠠᠯᠠᠵᠤ᠂ ᠴᠢᠨᠠᠷ ᠰᠠᠶᠢᠳᠠᠢ ᠬᠦᠭᠵᠢᠯᠳᠡ ᠶᠢ ᠴᠢᠷᠮᠠᠶᠢᠨ ᠠᠬᠢᠭᠤᠯᠵᠥ᠂ ᠬᠦᠭᠵᠢᠬᠦᠯᠬᠦ ᠪᠠ ᠠᠮᠦᠷ ᠲᠦᠪᠰᠢᠨ ᠢ ᠨᠢᠭᠡᠳᠦᠯᠳᠡᠢ ᠲᠦᠯᠦᠪᠵᠢᠬᠦᠯᠵᠥ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠰᠢᠨ᠎ᠡ ᠵᠠᠮ  ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠪᠠ ᠲᠤᠯᠤᠭᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠵᠢᠷᠭᠤᠭᠠᠨ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠬᠤᠰᠢᠭᠤ ᠶᠢ ᠴᠢᠷᠮᠠᠶᠢᠨ ᠡᠭᠦᠳᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠭᠤᠣᠯ ᠵᠢᠱᠢᠭᠰᠡᠨ ᠬᠠᠷᠠᠯᠲᠠ ᠪᠣᠯ᠄   ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠤᠷᠴᠢᠮ  ᠨᠡᠮᠡᠭᠳᠡᠭᠦᠯᠦᠨ᠎ᠡ︔    ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠦᠨ᠎ᠡ︔   ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠦᠨ᠎ᠡ︔   ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠣᠷᠴᠢᠮ ᠨᠡᠮᠡᠭᠳᠡᠭᠦᠯᠦᠨ᠎ᠡ︔   ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠢᠳᠤᠨᠤᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ︔   ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6%᠂ 8% ᠪᠠᠷ ᠨᠡᠮᠡᠭᠳᠡᠭᠦᠯᠦᠨ᠎ᠡ︔   ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠯᠲᠠ ᠶᠢᠨ ᠨᠣᠷᠮ᠎ᠠ ᠶᠢ 5% ᠳᠣᠲᠣᠷ᠎ᠠ ᠬᠢᠵᠠᠭᠠᠷᠯᠠᠨ᠎ᠠ᠃  ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃    ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠢᠳᠡ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄        ︵ᠨᠢᠭᠡ︶ ᠪᠡᠯᠡ ᠤᠷᠤᠭᠤᠯᠤᠯᠲᠠ ᠶᠢ ᠦᠷᠭᠡᠳᠭᠡᠨ ᠨᠡᠭᠡᠭᠡᠯᠲᠡ ᠶᠢ ᠠᠬᠢᠭᠤᠯᠵᠦ᠂ ᠲᠠᠪᠠᠵᠤ ᠬᠦᠢᠴᠡᠬᠦ ᠰᠢᠨ᠎ᠡ  ᠬᠦᠳᠡᠯᠭᠡᠭᠴᠢ ᠴᠢᠳᠠᠪᠤᠷᠢ ᠶᠢ ᠪᠤᠶᠢᠵᠢᠭᠤᠯᠤᠨ᠎ᠠ᠃    ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃    ᠪᠥᠬᠦ ᠵᠢᠯ ᠳᠤ ᠰᠢᠨ᠎ᠡ ᠪᠠᠷ ᠭᠡᠷ᠎ᠡ ᠲᠤᠬᠳᠠᠬᠤ ᠲᠥᠷᠥᠯ ᠵᠦᠢᠯ ᠢ 70 ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃         ︵ᠬᠤᠶᠠᠷ︶ ᠲᠤᠯᠭᠠᠭᠤᠷᠢᠭᠤᠯᠤᠯ ᠢ ᠪᠤᠶᠢᠵᠢᠭᠤᠯᠵᠥ᠂ ᠬᠡᠯᠬᠢᠶ᠎ᠡ ᠶᠢ ᠤᠷᠳᠤᠳᠬᠠᠨ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠨ᠎ᠡ ᠰᠢᠰᠲ᠋ᠧᠮ ᠢ ᠪᠠᠶᠢᠭᠤᠯᠤᠨ᠎ᠠ᠃         ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠮᠵᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃       47 ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠦᠨ ᠰᠡᠷᠭᠦᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠦᠨ᠎ᠡ᠃    ᠬᠦᠷᠢᠶᠡᠯᠡᠩ ᠲᠣᠭᠤᠷᠢᠭ ᠤᠨ ᠳᠤᠲᠠᠭᠤᠳᠠᠯ ᠢ ᠨᠥᠬᠦᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃    ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠵᠦᠢᠯᠡᠰ ᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠨᠡᠮᠡᠭᠳᠡᠭᠦᠯᠦᠨ᠎ᠡ᠃     8360 ᠮᠦ ᠭᠠᠵᠠᠷ ᠰᠢᠷᠣᠢ ᠶᠢ ᠨᠦᠭᠡᠴᠡᠯᠡᠨ᠎ᠡ᠃         ︵ᠭᠤᠷᠪᠠ︶ ᠠᠵᠤ ᠦᠢᠯᠡᠰ ᠢ ᠬᠥᠭᠵᠢᠭᠦᠯᠵᠦ᠂ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠡᠭᠦᠳᠦᠨ᠎ᠡ       ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃     ᠲᠠᠷᠢᠶᠠᠨ ᠭᠠᠵᠠᠷ ᠤᠨ ᠨᠥᠭᠡᠴᠡᠯᠡᠯ ᠢ ᠨᠥᠬᠦᠪᠦᠷᠢᠯᠡᠬᠦ ᠲᠥᠷᠥᠯ ᠵᠦᠢᠯ 3᠂ ᠬᠠᠭᠤᠷᠠᠢ ᠲᠠᠷᠢᠶ᠎ᠠ ᠶᠢ ᠤᠰᠤᠯᠠᠯᠳᠠ  ᠶᠢᠨ ᠲᠠᠷᠢᠶ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠰᠢᠨ᠎ᠡ ᠪᠠᠷ 1 ᠪᠠᠶᠢᠭᠤᠯᠵᠤ᠂ ᠲᠠᠷᠢᠶᠠᠨ ᠭᠠᠵᠠᠷ ᠤᠨ ᠨᠦᠭᠡᠴᠡᠯᠡᠯ ᠢ ᠨᠡᠮᠡᠭᠳᠡᠬᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠳ ᠤᠨ ᠵᠢᠯ ᠳᠤᠮᠳᠠᠴᠢ ᠣᠷᠣᠯᠭ᠎ᠠ ᠶᠢ 10% ᠠᠴᠠ ᠳᠡᠭᠡᠭᠰᠢ ᠨᠡᠮᠡᠭᠳᠡᠭᠦᠯᠬᠦ ᠶᠢ ᠠᠬᠢᠭᠤᠯᠤᠨ᠎ᠠ᠃    ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 15.14 ᠲᠦᠮᠡᠨ ᠮᠦ ᠰᠢᠨ᠎ᠡ ᠪᠠᠶᠢᠭᠤᠯᠵᠤ᠂ ᠬᠦᠶᠦᠭᠡᠨ ᠪᠤᠯᠠᠵᠥ ᠲᠤᠰᠤᠯᠭᠠᠨ ᠤᠰᠤᠯᠠᠬᠤ᠂  ᠤᠰᠤ ᠪᠤᠷᠳᠤᠭᠤᠷ ᠢ ᠨᠢᠭᠡ ᠴᠤᠬᠴᠠᠵᠢᠭᠤᠯᠬᠤ᠂ ᠦᠨᠳᠦᠷ ᠤᠨᠠᠯᠳᠠᠳᠦ ᠮᠡᠷᠭᠡᠵᠢᠯ ᠢ 50 ᠲᠦᠮᠡᠨ ᠮᠤ᠋ ᠳᠤ ᠲᠡᠯᠭᠡᠷᠡᠬᠦᠯᠵᠥ᠂  ᠵᠢᠱᠢᠶ᠎ᠡ ᠦᠵᠡᠭᠦᠯᠬᠦ ᠰᠤᠮᠤ ᠪᠠᠯᠭᠠᠰᠤ 3᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 35 ᠪᠣᠶ ᠪᠣᠯᠭᠠᠵᠤ᠂ ᠪᠥᠬᠦ ᠬᠤᠰᠢᠭᠤᠨ ᠤ ᠡᠷᠳᠡᠨᠢ ᠰᠢᠰᠢ ᠶᠢᠨ ᠤᠨᠠᠯᠲᠠ ᠶᠢ 1 ᠳ᠋ᠦᠩᠰᠢᠭᠤᠷ ᠵᠢᠩ ᠠᠴᠠ ᠳᠡᠭᠡᠭᠰᠢ ᠨᠡᠮᠡᠭᠳᠡᠭᠦᠯᠬᠦ ᠶᠢ ᠳᠠᠶᠢᠴᠢᠯᠠᠨ᠎ᠠ᠃    ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠢ ᠠᠬᠢᠭᠤᠯᠤᠭᠰᠠᠨ  ᠨᠡᠶᠢᠲᠡᠯᠢᠭ ᠵᠢᠱᠢᠶ᠎ᠡ ᠶᠢ 39 ᠪᠣᠶ ᠪᠣᠯᠭᠠᠵᠤ᠂ ᠲᠠᠯᠠᠪᠠᠶ ᠶᠢ 70 ᠲᠦᠮᠡᠨ ᠮᠦ ᠬᠦᠷᠦᠭᠦᠯᠦᠨ᠎ᠡ᠃     ᠪᠣᠷᠳᠣᠵᠤ ᠲᠠᠷᠭᠤᠯᠠᠭᠤᠯᠬᠤ ᠦᠬᠡᠷ ᠤᠨ ᠬᠠᠰᠢᠶᠠᠯᠠᠯᠳᠠ ᠶᠢ 6.5 ᠲᠦᠮᠡ ᠶᠢ ᠲᠠᠪᠠᠭᠤᠯᠵᠤ᠂ ᠲᠣᠰ ᠭᠠᠵᠠᠷ ᠲᠠᠭᠠᠨ ᠨᠢᠳᠤᠯᠠᠵᠤ ᠪᠤᠯᠪᠠᠰᠤᠷᠠᠭᠤᠯᠬᠤ ᠲᠤᠭ᠎ᠠ ᠶᠢ 4.9 ᠲᠦᠮᠡᠨ ᠲᠤᠯᠤᠭᠠᠢ ᠲᠠᠪᠠᠭᠤᠯᠤᠨ᠎ᠠ᠃     ᠵᠠᠭᠤᠨ ᠲᠣᠯᠣᠭᠠᠢ ᠦᠭᠡᠷ ᠲᠡᠵᠢᠭᠡᠨ ᠦᠷᠡᠵᠢᠭᠦᠯᠬᠦ ᠡᠷᠦᠬᠡ 500᠂ ᠮᠢᠩᠭᠠᠨ ᠲᠣᠯᠣᠭᠠᠢ ᠦᠬᠡᠷ ᠲᠡᠵᠢᠭᠡᠨ ᠦᠷᠡᠵᠢᠭᠦᠯᠬᠦ ᠭᠠᠴᠠᠭ᠎ᠠ ᠲᠣᠰᠬᠤᠨ 210᠂ ᠲᠦᠮᠡᠨ ᠲᠣᠯᠣᠭᠠᠢ ᠦᠬᠡᠷ ᠲᠡᠵᠢᠭᠡᠨ ᠦᠷᠡᠵᠢᠭᠦᠯᠬᠦ ᠰᠤᠮᠤ ᠪᠠᠯᠭᠠᠰᠤ 15 ᠪᠣᠶᠢᠵᠢᠭᠤᠯᠤᠨ᠎ᠠ᠃     ᠪᠥᠬᠦ ᠬᠤᠰᠢᠭᠤᠨ ᠤ ᠬᠡᠪᠴᠢᠶᠡᠨ ᠳᠤ ᠠᠯᠠᠰᠢᠨ ᠦᠬᠡᠷ ᠤᠨ ᠡᠯᠧᠺᠲᠷᠣᠨ ᠴᠢᠬᠢᠨ ᠲᠡᠮᠳᠡᠭ ᠢ ᠳᠡᠯᠭᠡᠷᠡᠭᠦᠯᠵᠦ᠂ ᠠᠯᠠᠰᠢᠨ ᠦᠬᠡᠷ ᠤᠨ ᠲᠤᠭ᠎ᠠ ᠪᠠᠷᠢᠮᠲᠠ ᠶᠢ ᠮᠥᠷᠳᠡᠬᠦ ᠰᠢᠰᠲ᠋ᠧᠮᠵᠢ ᠪᠠᠶᠢᠭᠤᠯᠤᠨ᠎ᠠ᠃     ᠰᠦᠨ ᠤ ᠡᠬᠢ ᠪᠠᠶᠠᠯᠢᠭ ᠢ ᠰᠠᠶᠢᠳᠤᠷ ᠠᠰᠢᠭᠯᠠᠨ᠂ ᠴᠠᠭᠠᠨ ᠢᠳᠡᠭᠡᠨ ᠤ ᠠᠵᠤ ᠦᠢᠯᠡᠰ ᠢ ᠬᠦᠭᠵᠢᠬᠦᠯᠵᠦ᠂ 3 ᠴᠠᠭᠠᠨ ᠢᠳᠡᠭᠡᠨ ᠤ ᠠᠵᠤ ᠠᠬᠤᠶᠢᠯᠠᠯ ᠢ SC ᠭᠡᠷᠡᠴᠢᠯᠡᠯ ᠢᠶᠠᠷ ᠪᠠᠳᠤᠯᠠᠭᠤᠯᠬᠤ ᠪᠠᠷ ᠴᠢᠷᠮᠠᠶᠢᠨ᠎ᠠ᠃     ᠬᠢᠶᠠᠭ ᠡᠪᠡᠰᠦ᠂ ᠬᠦᠷᠡᠩ ᠴᠠᠷᠭᠠᠰᠤ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠶᠢ 2.2 ᠲᠦᠮᠡᠨ ᠮᠦ ᠰᠢᠨ᠎ᠡ ᠨᠡᠮᠡᠭᠳᠡᠭᠦᠯᠵᠦ᠂ ᠬᠥᠬᠡ ᠳᠠᠷᠤᠰᠢ ᠳᠠᠷᠢᠬᠤ ᠲᠠᠯᠠᠪᠠᠶ ᠶᠢ 190 ᠲᠦᠮᠡᠨ ᠮᠦ ᠳᠤ ᠬᠦᠷᠭᠡᠨ᠎ᠡ᠃       ᠦᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠬᠦᠯᠬᠦ ᠶᠢ ᠪᠠᠷᠢᠮᠳᠠᠯᠠᠵᠤ᠂ ᠠᠯᠠᠰᠢᠨ ᠦᠬᠡᠷ  ᠤᠨ ᠦᠨ᠎ᠡ ᠬᠠᠩᠰᠢ ᠶᠢᠨ ᠬᠡᠯᠪᠡᠯᠵᠡᠯ ᠢ ᠢᠳᠡᠪᠬᠢᠳᠡᠢ ᠠᠷᠭᠠᠴᠠᠭᠠᠨ᠎ᠠ᠃         ᠵᠣᠯᠭᠠᠯᠳᠤᠭᠤᠯᠬᠤ ᠶᠢ ᠪᠠᠲᠤᠳᠬᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃    ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃     ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠵᠤ᠂ ᠠᠰᠢᠭ ᠣᠷᠣᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃    ᠪᠡᠭᠡᠵᠢᠩ ᠬᠤᠳᠠ ᠶᠢᠨ ᠴᠣᠣᠶᠠᠩ ᠲᠣᠭᠤᠷᠢᠭ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠶᠡᠭᠡ ᠰᠤᠷᠭᠠᠭᠤᠯᠢ ︵ᠳᠣᠷᠣᠨᠠᠲᠤ ᠣᠷᠣᠨ︶ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃     ︵ᠳᠥᠷᠪᠡ︶ ᠬᠠᠩᠭᠠᠯᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠬᠡᠷᠡᠭᠴᠡᠭᠡ ᠶᠢ ᠵᠤᠯᠭᠠᠭᠤᠯᠤᠨ᠎ᠠ        ᠰᠣᠶᠣᠯ ᠵᠢᠭᠤᠯᠴᠢᠯᠠᠯ ᠪᠡᠶ᠎ᠡ  ᠲᠠᠮᠢᠷ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃    ᠴᠦᠩᠬᠦᠯ ᠤᠨ ᠭᠤᠸ᠂ ᠰᠤᠭᠤ ᠶᠢᠨ ᠪᠤᠯᠠᠭ ᠤᠨ ᠡᠯᠡᠰᠦᠨ ᠴᠦᠯ ᠤᠨ ᠦᠵᠡᠮᠵᠢ ᠶᠢᠨ ᠣᠷᠣᠨ ᠢᠶᠠᠷ ᠭᠤᠣᠯ ᠪᠣᠯᠭᠠᠵᠤ᠂ ︽ᠪᠥᠬᠦ ᠬᠦᠷᠢᠶ᠎ᠡ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠵᠢᠭᠤᠯᠴᠢᠯᠠᠯ + ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ᠎ᠡ᠃      ᠴᠦᠩᠬᠦᠯ ᠤᠨ ᠭᠤᠤ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ 5A ᠲᠠᠰ ᠪᠤᠯᠭᠠᠨ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃     ᠱᠤᠩᠬᠤᠷ ᠠᠭᠤᠯᠠ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠦ᠂ ᠤᠳᠠᠨᠳᠠᠯ᠎ᠠ ᠦᠵᠡᠮᠵᠢ ᠶᠢᠨ ᠣᠷᠣᠨ ᠤ ᠵᠠᠮ ᠤᠨ ᠲᠣᠣᠷ ᠢ ᠰᠢᠨᠡᠳᠬᠡᠨ᠎ᠡ᠃    ᠮᠥᠰᠥ ᠴᠠᠰᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠪᠡᠶ᠎ᠡ ᠶᠢᠨ ᠲᠠᠮᠢᠷ + ᠰᠣᠶᠣᠯ ᠤᠨ ᠵᠢᠭᠤᠯᠴᠢᠯᠠᠯ + ᠬᠡᠷᠡᠭᠯᠡᠭᠡ︾ ᠶᠢᠨ ᠮᠥᠰᠥ ᠴᠠᠰᠤᠨ ᠤ ᠠᠵᠤ ᠠᠬᠤᠢ ᠶᠢᠨ ᠬᠡᠯᠬᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃    ᠬᠤᠷᠴᠢᠨ ᠠᠷᠠᠳ ᠤᠨ ᠵᠠᠩ ᠦᠶᠯᠡ ᠲᠡᠦᠬᠡ ᠰᠣᠶᠣᠯ ᠤᠨ ᠬᠦᠷᠢᠶᠡᠯᠡᠩ᠂ ᠵᠢᠷᠭᠠᠯᠠᠩ ᠪᠠᠯᠭᠠᠰᠤᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠭᠠᠳᠠᠭᠰᠢ ᠨᠡᠬᠡᠭᠡᠬᠦ ᠶᠢ ᠠᠬᠢᠭᠤᠯᠤᠨ᠎ᠠ᠃    ︽ᠪᠣᠳᠠᠰ ᠤᠨ ᠪᠤᠰᠤ ᠰᠣᠶᠣᠯ ᠤᠨ ᠥᠪ︾ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠥᠷᠨᠢᠭᠦᠯᠦᠨ᠎ᠡ᠃    ᠶᠡᠬᠡᠳᠠᠯ᠎ᠠ ᠭᠠᠯᠲᠤ ᠲᠡᠷᠭᠡᠨ ᠥᠷᠲᠡᠭᠡᠨ ᠤ ᠬᠠᠭᠤᠴᠢᠨ ᠪᠠᠭᠤᠷᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠨ᠎ᠠ᠃    ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠭᠰᠠᠨ ᠂ ᠦᠯᠡᠳᠡᠵᠥ ᠬᠠᠳᠠᠭᠠᠯᠠᠭᠤᠰᠢᠳᠠᠢ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ ᠪᠠᠷ ᠴᠢᠷᠮᠠᠶᠢᠨ᠎ᠠ᠃     ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠪᠳᠤᠯᠤᠯᠳᠠ ᠶᠢ ᠲᠦᠷᠭᠡᠳᠭᠡᠨ᠎ᠡ᠃     ᠬᠡᠪᠴᠢᠶᠡᠵᠢᠯ ᠠᠴᠠ ᠲᠡᠭᠡᠭᠰᠢᠬᠢ ︵ᠬᠢᠵᠠᠭᠠᠷ ᠠᠴᠠ ᠲᠡᠭᠡᠭᠰᠢᠬᠢ︶ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 8 ᠰᠢᠨ᠎ᠡ ᠪᠠᠷ  ᠨᠡᠮᠡᠭᠳᠡᠬᠦᠯᠦᠨ᠎ᠡ᠃     ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ  ᠶᠢ ᠪᠠᠶᠢᠭᠤᠯᠤᠨ᠂  ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠣᠯᠣᠨ ᠲᠤᠰᠬᠠᠢ ᠵᠠᠬ᠎ᠠ ᠳᠡᠯᠭᠡᠭᠦᠷ ᠢ 1~2 ᠰᠢᠨ᠎ᠡ ᠪᠠᠶᠢᠭᠤᠯᠬᠤ ᠪᠠ ᠥᠭᠡᠷᠡᠴᠢᠯᠡᠨ᠎ᠡ᠃    ᠬᠡᠷᠡᠭᠯᠡᠭᠴᠢᠳ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠮᠲᠤ ᠶᠢᠨ ᠬᠤᠭᠤᠯᠠᠨ ᠤ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠴᠢᠶᠠᠨ ᠰᠢ ᠾᠧ ᠤᠷᠢᠳᠴᠢᠯᠠᠨ ᠬᠢᠭᠰᠡᠨ ᠢᠳᠡᠭᠡᠨ ᠤ ᠲᠥᠷᠥᠯ ᠵᠦᠢᠯ ᠢ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃     ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃      ᠵᠢᠭᠤᠯᠴᠢᠯᠠᠯ ᠤᠨ ᠣᠳᠣᠨ ᠲᠠᠰ ᠤᠨ ᠪᠠᠭᠤᠳᠠᠯ ᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢᠨ ᠦᠢᠯᠡᠴᠢᠯᠡᠭᠡᠨ ᠤ ᠴᠢᠳᠠᠮᠵᠢ ᠶᠢ ᠴᠢᠨᠠᠭᠰᠢᠳᠠ ᠳᠡᠭᠡᠭᠰᠢᠯᠡᠭᠦᠯᠦᠨ᠎ᠡ᠃     ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠬᠢᠲᠠᠳ ᠡᠮᠨᠡᠯᠭᠡ ᠶᠢᠨ ᠹᠢᠽᠢᠺ ᠵᠠᠰᠠᠯ᠂ ᠵᠡᠭᠦᠦ ᠲᠥᠭᠡᠨᠡᠯᠭᠡ ᠶᠢᠨ ᠰᠣᠷᠣᠭᠤᠯ ᠲᠠᠯᠪᠢᠬᠤ᠂ ᠢᠯᠢᠵᠦ ᠪᠠᠷᠢᠬᠤ ᠢᠯᠢᠵᠦ ᠨᠤᠬᠤᠯᠠᠬᠤ ᠵᠡᠷᠭᠡ ᠣᠨᠴᠠᠯᠢᠭᠲᠤ ᠡᠮᠴᠢᠯᠡᠭᠡᠨ ᠤ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠦᠨ᠎ᠡ᠃      ︵ᠲᠠᠪᠤ︶ ᠪᠦᠲᠦᠭᠡᠨ ᠪᠠᠶᠢᠭᠤᠯᠤᠯᠲᠠ ᠶᠢ ᠠᠳᠬᠤᠵᠤ᠂ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠰᠢᠯᠢᠳᠡᠭᠵᠢᠭᠦᠯᠦᠨ᠎ᠡ         ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠦᠨ᠎ᠡ᠃    13 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠭᠤᠣᠯ ᠬᠤᠲᠠ ᠶᠢᠨ ᠲᠣᠭᠤᠷᠢᠭ ᠤᠨ ᠡᠪᠳᠡᠭᠳᠡᠭᠰᠡᠨ ᠶᠠᠪᠠᠭᠠᠨ ᠬᠥᠮᠥᠨ ᠤ ᠵᠠᠮ ᠢ ᠰᠡᠯᠪᠢᠨ ᠵᠠᠰᠠᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠲᠥᠪᠯᠡᠷᠡᠭᠦᠯᠦᠨ ᠴᠡᠨᠡᠭᠯᠡᠬᠦ ᠱᠣᠩ ᠤᠭᠰᠠᠷᠠᠬᠤ ᠲᠥᠷᠥᠯ ᠵᠦᠢᠯ ᠢ ᠢᠳᠡᠪᠬᠢᠲᠡᠢ ᠠᠬᠢᠭᠤᠯᠤᠨ᠎ᠠ᠃    ︽ᠳᠤᠯᠠᠭᠠᠯᠭ᠎ᠠ ᠶᠢᠨ ᠢᠨᠵᠧᠨᠧᠷᠢᠩ︾ ᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠵᠦ᠂ 74.7 ᠺᠢᠯᠣᠮᠧᠲᠷ ᠳᠤᠯᠠᠭᠠᠯᠭ᠎ᠠ ᠶᠢᠨ ᠬᠤᠭᠤᠯᠠᠢ ᠶᠢ ᠥᠭᠡᠷᠡᠴᠢᠯᠡᠨ ᠵᠠᠰᠠᠵᠤ᠂ 16 ᠲᠦᠮᠡᠨ ᠲᠡᠭᠰᠢ ᠳᠥᠷᠪᠡᠯᠵᠢᠨ ᠮᠧᠲᠷ ᠳᠤᠯᠠᠭᠠᠯᠭ᠎ᠠ ᠶᠢᠨ ᠲᠠᠯᠠᠪᠠᠢ ᠶᠢ ᠥᠭᠡᠷᠡᠴᠢᠯᠡᠨ ᠵᠠᠰᠠᠵᠤ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠨ᠎ᠠ᠃   ᠭᠤᠣᠯ ᠬᠤᠳᠠ ᠶᠢᠨ ᠲᠣᠭᠤᠷᠢᠭ ᠤᠨ ᠤᠰᠤ ᠪᠠᠷ ᠤᠬᠢᠶᠠᠬᠤ ᠵᠣᠷᠯᠣᠩ ᠢ 8 ᠰᠢᠨ᠎ᠡ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ  ᠠᠬᠢᠭᠤᠯᠤᠨ᠎ᠠ᠃    ᠬᠦᠳᠡᠭᠡ ᠲᠤᠰᠬᠤᠨ ᠮᠠᠯᠵᠢᠬᠤ ᠤᠷᠤᠨ ᠤ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠰᠬᠤᠨ ᠲᠠᠢ ᠬᠤᠯᠪᠤᠭᠠᠯᠠᠨ ᠤᠰᠤ ᠬᠠᠩᠭᠠᠬᠤ ᠪᠠᠷᠢᠯᠭ᠎ᠠ ᠶᠢ 2᠂ ᠲᠤᠰᠠᠭᠠᠷ ᠲᠣᠰᠬᠤᠨ ᠳᠤ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢ 10 ᠰᠢᠨ᠎ᠡ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃     ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠵᠤ᠂ 200 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠨ᠎ᠠ᠃   ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ 3300 ᠡᠷᠦᠬᠡ ᠶᠢᠨ ᠵᠣᠷᠯᠣᠩ ᠢ ᠥᠭᠡᠷᠡᠴᠢᠯᠡᠨ᠂ 10 ᠲᠣᠰᠬᠤᠨ ᠤ ᠨᠣᠭᠤᠭᠠᠷᠠᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠬᠡᠷᠡᠭᠵᠢᠭᠦᠯᠦᠨ᠎ᠡ᠃        ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃    ᠦᠨᠳᠦᠰᠦᠨ ᠱᠠᠲᠤᠨ ᠤ ᠵᠠᠮ ᠤᠨ ᠪᠠᠶᠢᠭᠤᠯᠤᠯᠲᠠ ᠶᠢ ᠠᠷᠠᠴᠢᠯᠠᠨ ᠬᠠᠮᠠᠭᠠᠯᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠮ ᠶᠢ ᠪᠠᠶᠢᠭᠤᠯᠤᠯᠲᠠ ᠶᠢ ᠬᠡᠷᠡᠭᠵᠢᠭᠦᠯᠦᠨ᠂ 70 ᠺᠢᠯᠣᠮᠧᠲᠷ ᠠᠷᠠᠴᠢᠯᠠᠨ ᠬᠠᠮᠠᠭᠠᠯᠠᠵᠤ᠂ ᠵᠠᠮ ᠨᠡᠪᠳᠡᠷᠡᠬᠦ ᠶᠠᠰᠤ ᠴᠢᠨᠡᠷ ᠢ ᠲᠡᠭᠡᠭᠰᠢᠯᠡᠬᠦᠯᠦᠨ᠎ᠡ᠃     ᠶᠢᠨ ᠪᠦᠦ ᠲᠦᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠤᠨ᠎ᠠ᠃    ᠵᠡᠭᠦᠨ ᠪᠠᠷᠠᠭᠤᠨ ᠯᠢᠶᠥᠥ ᠾᠧ ᠭᠤᠣᠯ ᠤᠨ ᠠᠶᠤᠯᠲᠠᠢ ᠪᠠᠷᠢᠯᠭ᠎ᠠ ᠠᠶᠤᠯᠲᠠᠢ ᠬᠡᠰᠡᠭ ᠢ ᠵᠠᠰᠠᠬᠤ 12 ᠬᠡᠰᠡᠭ᠂  ᠶᠢᠨ ᠪᠦᠦ ᠲᠦᠨ ᠤ ᠬᠡᠰᠡᠭ᠂ ᠴᠠᠷᠠᠰᠤ ᠶᠢᠨ ᠬᠡᠰᠡᠭ ᠲᠤ 60 ᠺᠢᠯᠣᠮᠧᠲᠷ ᠤᠰᠤ ᠵᠠᠯᠠᠬᠤ ᠰᠤᠪᠠᠭ  ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠤᠨ᠎ᠠ᠃    ᠬᠥᠳᠡᠭᠡ ᠲᠣᠰᠬᠤᠨ ᠮᠠᠯᠵᠢᠬᠤ ᠣᠷᠣᠨ ᠤ ᠴᠠᠬᠢᠯᠭᠠᠨ ᠲᠣᠣᠷ ᠢ 197 ᠺᠢᠯᠣᠮᠧᠲᠷ ᠲᠠᠰ ᠳᠡᠪᠰᠢᠭᠦᠯᠦᠨ ᠥᠭᠡᠷᠡᠴᠢᠯᠡᠵᠦ᠂ 66 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ 2 ᠰᠠᠤᠷᠢ ᠥᠭᠡᠷᠡᠴᠢᠯᠡᠨ᠂ ᠬᠥᠳᠡᠭᠡ ᠲᠣᠰᠬᠤᠨ ᠤ ᠴᠠᠬᠢᠯᠭᠠᠨ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃       ︵ᠵᠢᠷᠭᠤᠭ᠎ᠠ︶ ᠠᠮᠢ ᠠᠬᠤᠢ ᠶᠢ ᠬᠠᠮᠠᠭᠠᠯᠠᠵᠤ᠂ ᠬᠤᠷᠢᠭ᠎ᠠ ᠱᠤᠭᠤᠮ ᠢ ᠰᠠᠬᠢᠵᠤ᠂ ᠨᠤᠮᠢᠨ ᠨᠣᠭᠤᠭᠠᠨ ᠬᠤᠶᠢᠲᠤ ᠬᠤᠰᠢᠭᠤᠨ ᠤ ᠰᠢᠨ᠎ᠡ ᠵᠢᠷᠤᠭ ᠢ ᠵᠢᠷᠤᠭᠯᠠᠨ᠎ᠠ       ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠶᠢ ᠴᠢᠩᠭᠠᠳᠬᠠᠨ᠎ᠠ᠃     ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠲᠠᠶᠢᠯᠠᠯᠳᠤᠭᠠᠨ ᠢ ᠰᠠᠶᠢᠲᠤᠷ ᠬᠢᠵᠦ᠂ ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 60 ᠲᠦᠮᠡᠨ ᠮᠦ᠂ ᠣᠶ ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ 52.3 ᠲᠦᠮᠡᠨ ᠮᠦ᠂ ᠨᠤᠲᠤᠭ ᠪᠡᠯᠴᠢᠭᠡᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ 70.8 ᠲᠦᠮᠡᠨ ᠮᠦ ᠬᠡᠷᠡᠭᠵᠢᠭᠦᠯᠦᠨ᠎ᠡ᠃     ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠ ᠬᠡᠷᠡᠯ ᠴᠡᠨᠡᠭ ᠢ ᠨᠢᠭᠡ ᠴᠣᠭᠴᠠᠵᠢᠭᠤᠯᠤᠭᠰᠠᠨ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠢ ᠠᠬᠢᠭᠤᠯᠤᠨ᠎ᠠ᠃     ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢᠶᠠᠷ ᠭᠤᠣᠯ ᠪᠣᠯᠭᠠᠭᠰᠠᠨ ᠣᠶ ᠶᠢᠨ ᠬᠤᠷᠮᠣᠢ ᠶᠢᠨ ᠠᠵᠤ ᠠᠬᠤᠢ ᠶᠢ 1 ᠲᠦᠮᠡᠨ ᠮᠦ ᠪᠠᠶᠢᠭᠤᠯᠤᠨ᠎ᠠ᠃       ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢ ᠭᠦᠨᠵᠡᠭᠡᠢ ᠠᠬᠢᠭᠤᠯᠤᠨ᠎ᠠ᠃     ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠳᠤ ᠬᠠᠤᠯᠢ ᠶᠤᠰᠤᠭᠠᠷ ᠬᠢᠨᠠᠯᠳᠠ ᠲᠠᠯᠪᠢᠨ᠂ ᠠᠭᠠᠷ ᠮᠠᠨᠳᠠᠯ ᠤᠨ ᠶᠠᠰᠤ ᠴᠢᠨᠡᠷ ᠰᠠᠶᠢᠨ ᠡᠳᠦᠷ ᠢ ᠴᠢᠨᠠᠭᠰᠢᠳᠠ ᠨᠡᠮᠡᠭᠳᠡᠬᠦᠯᠦᠨ᠎ᠡ᠃     ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠮᠠᠰᠢᠨ ᠪᠠᠭᠠᠵᠢ ᠶᠢᠨ ᠵᠢᠱᠢᠶ᠎ᠡ ᠦᠵᠡᠭᠦᠯᠬᠦ ᠣᠷᠣᠨ ᠢ 7.2 ᠲᠦᠮᠡᠨ ᠮᠥ ᠪᠥᠲᠥᠭᠡᠨ ᠪᠠᠶᠢᠭᠤᠯᠤᠨ᠎ᠠ᠃       ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃     ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠷᠪᠢᠲᠠᠢ ᠡᠷᠴᠢᠮᠯᠢᠭ ᠰᠢᠪᠳᠤᠯᠤᠯᠳᠠ ᠶᠢᠨ ᠲᠠᠶᠢᠨ ᠢ ᠡᠷᠡᠰ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠠᠵᠤ ᠠᠬᠤᠢ ᠶᠢᠨ ︽ᠲᠡᠭ︾ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃       ︵ᠳᠣᠯᠤᠭ᠎ᠠ︶ ᠥᠭᠡᠷᠡᠴᠢᠯᠡᠯᠲᠡ ᠶᠢ ᠠᠳᠬᠤᠨ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ       ᠭᠤᠤᠯᠳᠠᠯᠭ᠎ᠠ ᠲᠠᠢ ᠬᠦᠷᠢᠶᠡᠨ ᠳᠠᠬᠢ ᠦᠬᠡᠷᠡᠴᠢᠯᠡᠯᠳᠡ ᠶᠢ ᠠᠬᠢᠭᠤᠯᠤᠨ᠎ᠠ᠃     ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠰᠢᠭᠤᠨ ᠲᠠᠰ ᠠᠴᠠ ᠳᠡᠭᠡᠭᠰᠢᠬᠢ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 15᠂ ᠵᠢᠱᠢᠶ᠎ᠡ ᠦᠵᠡᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ 10 ᠪᠣᠶᠢᠵᠢᠭᠤᠯᠤᠨ᠎ᠠ᠃    ︽ᠦᠨᠡᠮᠯᠡᠯ   ᠢ ᠨᠢᠭᠡᠳᠬᠡᠬᠦ︾ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃     ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠴᠢᠨᠡᠷ ᠰᠠᠶᠢᠳᠡᠢ ᠪᠡᠶᠡᠯᠡᠬᠦᠯᠦᠨ᠎ᠡ᠃          ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃      ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤ ᠪᠠ ᠬᠦᠷᠢᠶᠡᠯᠡᠩ ᠲᠣᠭᠤᠷᠢᠭ ᠲᠡᠰᠢ ᠤᠷᠳᠤᠳᠬᠠᠬᠤ ᠶᠢ ᠠᠬᠢᠭᠤᠯᠤᠨ᠎ᠠ᠃         ︵ᠨᠠᠢᠮᠠ︶ ᠳᠤᠲᠠᠭᠤᠳᠠᠯ ᠢ ᠨᠥᠬᠦᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ         ᠨᠡᠩ ᠭᠦᠢᠴᠡᠳ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃     ᠬᠤᠲᠠ ᠪᠠᠯᠭᠠᠰᠤ ᠶᠢᠨ 1100 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ᠂ ᠮᠠᠯᠵᠢᠬᠤ ᠲᠠᠷᠢᠶᠠᠯᠠᠬᠤ ᠣᠷᠣᠨ ᠤ 45000 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 1400 ᠬᠥᠮᠥᠨ ᠳᠤ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠳᠡᠭᠡᠨ᠎ᠠ᠃      ᠨᠡᠩ ᠰᠢᠯᠢᠳᠡᠭ ᠰᠤᠷᠭᠠᠨ ᠬᠥᠮᠦᠵᠢᠯ ᠤᠨ ᠦᠢᠯᠡᠰ ᠢ ᠰᠠᠶᠢᠲᠤᠷ ᠡᠷᠬᠢᠯᠡᠨ᠎ᠡ᠃ ︽    ᠪᠥᠬᠦ ᠬᠤᠰᠢᠭᠤᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ ᠡᠵᠡᠯᠡᠬᠦ ᠬᠠᠷᠢᠴᠠᠯ ᠢ 52% ᠬᠦᠷᠦᠭᠦᠯᠬᠦ ᠪᠠᠷ ᠴᠢᠷᠮᠠᠶᠢᠨ᠎ᠠ᠃     ︽ᠬᠤᠶᠠᠷ ᠢ ᠪᠠᠭᠠᠰᠬᠠᠬᠤ︾ ᠶᠢ ᠦᠷᠭᠦᠯᠵᠢᠯᠡᠨ ᠠᠬᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃      ᠨᠠᠩ ᠵᠣᠯ ᠵᠢᠷᠭᠠᠯ ᠲᠠᠢ ᠡᠷᠡᠭᠦᠯ ᠡᠩᠬᠡ ᠬᠤᠶᠢᠲᠤ ᠬᠤᠰᠢᠭᠤ ᠶᠢ ᠪᠦᠲᠦᠭᠡᠨ ᠪᠠᠶᠢᠭᠤᠯᠤᠨ᠎ᠠ᠃    ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠰᠤᠮᠤ ᠪᠠᠯᠭᠠᠰᠤ ᠶᠢ 2 ᠪᠠᠶᠢᠭᠤᠯᠤᠨ᠎ᠠ᠃    ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ︾ ᠢ ᠴᠢᠷᠮᠠᠶᠢᠨ ᠪᠤᠢ ᠪᠣᠯᠭᠠᠨ᠎ᠠ᠃      ᠨᠡᠩ ᠳᠤᠯᠠᠭᠠᠨ ᠪᠠᠲᠤᠯᠠᠭ᠎ᠠ ᠶᠢᠨ ᠰᠢᠰᠲ᠋ᠧᠮ ᠢ ᠨᠢᠭᠲᠠ ᠰᠦᠯᠵᠢᠨ᠎ᠡ᠃    ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠪᠠ ᠦᠷᠬᠦᠯᠵᠢᠯᠡᠨ ᠲᠠᠭᠠᠳᠬᠠᠯ ᠳᠤ ᠤᠷᠤᠯᠴᠠᠬᠤ ᠳᠤ ᠬᠡᠯᠪᠡᠶᠢᠯᠭᠡᠬᠦ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃    ︽ᠵᠢᠱᠢᠶᠡᠴᠢ ᠴᠡᠷᠢᠭ ᠠᠴᠠ ᠬᠠᠯᠠᠭᠳᠠᠭᠰᠠᠳ︾᠂ ︽ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ︾᠂ ︽ᠴᠡᠷᠢᠭ ᠢᠶᠠᠨ ᠬᠦᠷᠢᠶᠡᠯᠡᠬᠦ ᠠᠵᠤ ᠠᠬᠤᠶᠢᠯᠠᠯ︾ ᠵᠡᠷᠭᠡ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃         ᠨᠡᠩ ᠲᠣᠭᠲᠠᠭᠤᠨ ᠨᠡᠶᠢᠭᠡᠮ ᠤᠨ ᠶᠡᠭᠡ ᠲᠠᠯ᠎ᠠ ᠶᠢ ᠬᠠᠮᠠᠭᠠᠯᠠᠨ᠎ᠠ᠃     ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃      ᠪᠦᠬᠦ ᠤᠯᠤᠰ ᠤᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠤᠨ᠎ᠠ᠃     ︽ᠨᠠᠢᠮᠠᠳᠤᠭᠠᠷ ᠲᠠᠪᠤᠨ︾ ᠵᠢᠯ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠠᠬᠢᠭᠤᠯᠵᠤ᠂ ᠪᠦᠬᠦ ᠠᠷᠠᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃           ᠨᠡᠩ ᠪᠠᠲᠤ ᠪᠠᠬᠢ ᠭᠤᠣᠯ ᠰᠢᠵᠢᠮ ᠤᠨ ᠤᠬᠠᠮᠰᠠᠷ ᠢ ᠪᠤᠢ ᠪᠣᠯᠭᠠᠨ᠎ᠠ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ  ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠡᠷᠡᠰ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠳᠠᠰ ᠤᠨ ᠰᠠᠭᠤᠷᠢ ᠶᠢ ᠲᠠᠰᠤᠷᠠᠯᠳᠠ ᠦᠭᠡᠢ ᠪᠠᠳᠤᠳᠬᠠᠨ᠎ᠠ᠃    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠦᠯᠬᠦᠮᠳᠡᠯ ᠲᠤᠮᠳᠠ ᠬᠦᠭᠵᠢᠵᠦ᠂ ᠬᠦᠭᠵᠢᠯᠳᠡ ᠶᠢᠨ ᠶᠠᠪᠤᠴᠠ ᠳᠤ ᠪᠦᠯᠬᠦᠮᠳᠡᠨ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃         
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号