| | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠤᠷᠴᠢᠨ ᠤ ᠴᠤᠭᠤᠷ ᠤᠷᠠᠯᠢᠭ ᠪᠠ ᠮᠣᠩᠭᠤᠯ ᠤᠷᠠᠨ | ᠪᠢᠴᠢᠯᠭᠡ ᠬᠤᠶᠠᠷ ᠵᠦᠢᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠲᠠᠢ | ᠃ ᠲᠡᠷᠡ ᠨᠢ ᠪᠠᠯᠠᠷ ᠡᠷᠲᠡᠨ ᠤ ᠦᠶ᠎ᠡ ᠠᠴᠠ ᠤᠯᠠᠮᠵᠢᠯᠠᠭᠳᠠᠨ ᠂ ᠤᠷᠠᠯᠢᠭ ᠤᠨ ᠦᠨᠡᠲᠦ ᠡᠷᠳᠡᠨᠢ ᠶᠢᠨ ᠭᠡᠷᠡᠯ | ᠭᠢᠯᠪᠠᠭ᠎ᠠ ᠪᠠᠨ ᠰᠠᠴᠤᠷᠠᠭᠤᠯᠤᠭᠰᠠᠭᠠᠷ ᠢᠷᠡᠵᠦ᠂ ᠲᠠᠯ᠎ᠠ ᠨᠤᠲᠤᠭ ᠤᠨ ᠠᠷᠠᠳ ᠲᠦᠮᠡᠨ ᠤ ᠤᠷᠲᠤ ᠬᠤᠭᠤᠴᠠᠭᠠᠨ ᠤ | ᠦᠢᠯᠡᠳᠪᠦᠷᠢᠯᠡᠯ ᠠᠮᠢᠳᠤᠷᠠᠯ ᠤᠨ ᠳᠤᠮᠳᠠ ᠪᠤᠶ ᠪᠤᠯᠤᠭᠰᠠᠨ ᠣᠶᠤᠨ ᠤ ᠪᠣᠯᠪᠠᠰᠤᠨ ᠤ ᠲᠤᠤᠯᠢᠰ ᠶᠤᠮ᠃ ᠡᠳᠡᠭᠡᠷ | ᠡᠷᠲᠡᠨ ᠤ ᠤᠶᠤᠨ ᠤ ᠪᠣᠯᠪᠠᠰᠤᠨ ᠨᠢ ᠲᠡᠦᠬᠡ ᠶᠢ ᠭᠡᠷᠡᠴᠢᠯᠡᠵᠦ ᠪᠠᠶᠢᠬᠤ ᠪᠠᠷ ᠪᠠᠷᠠᠬᠤ ᠦᠬᠡᠢ ᠮᠦᠨ ᠦᠷᠭᠦᠯᠵᠢᠯᠡᠨ | ᠤᠯᠠᠮᠵᠢᠯᠠᠭᠳᠠᠨ ᠬᠦᠭᠵᠢᠨ ᠪᠠᠳᠠᠷᠠᠵᠤ ᠪᠠᠶᠢᠨ᠎ᠠ᠃ | | ᠬᠤᠷᠴᠢᠨ ᠤ ᠴᠤᠭᠤᠷ ᠤᠷᠠᠯᠢᠭ | ᠪᠠᠭᠠᠲᠤᠷᠴᠤᠳ ᠤᠨ ᠦᠯᠢᠭᠡᠷ ᠤᠷᠠᠯᠢᠭ ᠪᠣᠯ ᠮᠣᠩᠭᠤᠯ ᠦᠨᠳᠦᠰᠦᠲᠡᠨ ᠤ ᠪᠠᠯᠠᠷ ᠡᠷᠲᠡᠨ ᠤ ᠦᠶ᠎ᠡ ᠠᠴᠠ | ᠤᠯᠠᠮᠵᠢᠯᠠᠭᠳᠠᠨ ᠢᠷᠡᠵᠦ᠂ ᠠᠯᠢ ᠡᠷᠲᠡ ᠠᠭᠤᠯᠠ ᠤᠢ ᠶᠢᠨ ᠭᠦᠨ ᠳᠤ ᠠᠮᠢᠳᠤᠷᠠᠵᠤ ᠪᠠᠶᠢᠬᠤ ᠦᠶ᠎ᠡ ᠳᠤ ᠭᠡᠷᠡᠯ | ᠰᠠᠴᠤᠷᠠᠩᠭᠤᠢ ᠪᠠᠭᠠᠲᠤᠷᠴᠤᠳ ᠤᠨ ᠦᠯᠢᠭᠡᠷ ᠢ ᠥᠭᠦᠯᠡᠨ ᠳᠠᠭᠤᠯᠠᠬᠤ ᠤᠷᠠᠯᠢᠭ ᠢ ᠡᠭᠦᠳᠦᠨ ᠪᠦᠲᠦᠭᠡᠭᠰᠡᠨ ᠶᠤᠮ᠃ | ᠡᠪᠦᠭᠡ ᠳᠡᠭᠡᠳᠦᠰ ᠮᠣᠩᠭᠤᠯ ᠤᠨ ᠲᠠᠯ᠎ᠠ ᠨᠤᠲᠤᠭ ᠵᠦᠭ ᠥᠷᠭᠡᠵᠢᠨ ᠬᠥᠭᠵᠢᠬᠦ ᠶᠢ ᠳᠠᠭᠠᠯᠳᠤᠨ᠂ | ᠪᠠᠭᠠᠲᠤᠷᠴᠤᠳ ᠤᠨ ᠦᠯᠢᠭᠡᠷ ᠤᠷᠠᠯᠢᠭ ᠴᠤ ᠶᠡᠭᠡ ᠪᠠᠷ ᠬᠥᠭᠵᠢᠵᠦ᠂ ᠮᠣᠩᠭᠤᠯ ᠦᠨᠳᠦᠰᠦᠲᠡᠨ ᠤ ᠪᠠᠭᠠᠲᠤᠷᠯᠢᠭ | ᠦᠵᠡᠯ ᠤᠨ ᠵᠣᠷᠢᠭ ᠰᠠᠨᠠᠭ᠎ᠠ᠂ ᠪᠠᠶᠠᠰᠤᠩᠭᠤᠢ ᠦᠵᠡᠯ᠂ ᠢᠳᠡᠪᠬᠢᠲᠡᠢ ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ | ᠡᠷᠬᠢᠮᠯᠡᠨ ᠳᠡᠭᠡᠳᠦᠯᠡᠬᠦ ᠬᠠᠮᠤᠭ ᠤᠨ ᠰᠠᠶᠢᠨ ᠠᠴᠢᠶᠠᠯᠠᠪᠤᠷᠢ ᠪᠣᠯᠤᠭᠰᠠᠨ ᠪᠠᠶᠢᠨ᠎ᠠ᠃ | | | | | ᠬᠤᠷᠴᠢᠨ ᠣᠷᠣᠨ ᠢ ᠡᠷᠳᠡᠮ ᠰᠢᠨᠵᠢᠯᠡᠭᠡᠨ ᠤ ᠬᠢᠨ ᠳᠡᠯᠡᠬᠡᠢ ᠶᠢᠨ ᠮᠣᠩᠭᠤᠯ ᠦᠯᠢᠭᠡᠷ ᠤᠷᠠᠯᠢᠭ ᠤᠨ ᠲᠤᠯᠤᠭᠠᠨ | ᠶᠡᠭᠡ ᠲᠥᠪ ᠤᠨ ᠨᠢᠭᠡ ᠭᠡᠵᠦ ᠦᠵᠡᠳᠡᠭ᠃ ᠬᠤᠷᠴᠢᠨ ᠤ ᠴᠤᠭᠤᠷ ᠤᠷᠠᠯᠢᠭ ᠨᠢ ᠮᠣᠩᠭᠤᠯ ᠦᠨᠳᠦᠰᠦᠲᠡᠨ ᠤ | ᠴᠤᠭᠤᠷ ᠬᠦᠭᠵᠢᠮᠦᠨᠬᠠᠪᠰᠤᠷᠤᠯᠭᠠ ᠲᠠᠢ ᠪᠠᠷ ᠳᠠᠭᠤᠯᠠᠳᠠᠭ ᠪᠥᠭᠡᠳ ᠥᠪᠡᠷᠮᠢᠴᠡ ᠪᠦᠲᠦᠴᠡ ᠲᠠᠢ᠂ ᠦᠭᠡ | ᠦᠬᠦᠯᠡᠪᠦᠷᠢ ᠨᠢ ᠲᠢᠭ ᠲᠦᠷᠢᠮ ᠲᠠᠢ᠂ ᠠᠶᠢᠵᠠᠮ ᠴᠤᠬᠢᠯᠭ᠎ᠠ ᠨᠢ ᠢᠯᠭᠤᠮ ᠲᠣᠳᠣ᠂ ᠬᠡᠯᠪᠡᠷᠢ ᠨᠢ ᠤᠯᠠᠨ ᠶᠠᠩᠵᠤ | ᠶᠢᠨ ᠪᠠᠶᠢᠳᠠᠭ ᠃ ᠲᠡᠦᠬᠡᠨ ᠳᠤ ᠬᠤᠷᠴᠢᠨ ᠤ ᠴᠤᠭᠤᠷ ᠤᠷᠠᠯᠢᠭ ᠨᠢ ᠠᠷᠠᠳ ᠤᠨ ᠠᠮᠢᠳᠤᠷᠠᠯ ᠲᠠᠢ ᠨᠢᠭᠡ ᠴᠣᠭᠴᠠ | ᠪᠣᠯᠣᠨ ᠠᠭᠤᠰᠤᠯᠴᠠᠵᠤ᠂ ᠤᠶᠤᠨ ᠰᠠᠨᠠᠭᠠᠨ ᠤ ᠵᠤᠭ᠎ᠠ ᠴᠡᠩᠭᠡᠯ ᠤᠨ ᠬᠡᠯᠪᠡᠷᠢ ᠂ ᠠᠷᠠᠳ ᠤᠨ ᠵᠠᠩ ᠵᠠᠩᠰᠢᠯ ᠤᠨ | ᠢᠯᠡᠷᠡᠯ ᠪᠣᠯᠬᠤ ᠶᠢᠨ ᠬᠠᠮᠲᠤ ᠪᠠᠰᠠ ᠢᠲᠡᠭᠡᠯ ᠪᠢᠰᠢᠷᠡᠯ ᠤᠨ ᠴᠢᠳᠠᠪᠬᠢ ᠲᠠᠢ ᠪᠠᠶᠢᠳᠠᠭ᠃ | 2018 ᠣᠨ ᠳᠤ᠂ ᠬᠤᠷᠴᠢᠨ ᠤ ᠴᠤᠭᠤᠷ ᠤᠷᠠᠯᠢᠭ ᠵᠢᠷᠭᠤᠳᠤᠭᠠᠷ ᠪᠦᠯᠦᠭ ᠤᠨ ᠥᠪᠡᠷᠲᠡᠭᠡᠨ ᠵᠠᠰᠠᠬᠤ | ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠲᠤ ᠵᠢᠭᠰᠠᠭᠠᠭᠳᠠᠪᠠ᠃ | | | |