ᠨᠢᠭᠡ ᠮᠠᠰᠢᠨ ᠲᠡᠷᠭᠡ ᠬᠤᠳᠠᠯᠳᠤᠨ ᠠᠪᠬᠤ ᠳᠤ 20000 ᠲᠥᠭᠦᠷᠢᠭ ᠠᠷᠪᠢᠯᠡᠵᠦ ᠲᠡᠶᠢᠯᠦᠨ᠎ᠡ︕
ᠨᠡᠶᠢᠲᠡᠯᠡᠭᠰᠡᠨ ᠴᠠᠭ᠄
2024/1/23
   2023 ᠤᠨ ᠤ ᠵᠢᠯ ᠤᠨ ᠡᠴᠦᠰ ᠠᠴᠠ ᠨᠠᠰᠢ᠂ ᠬᠡᠷᠡᠭᠯᠡᠭᠴᠢᠳ ᠢ ᠤᠷᠮᠠᠰᠢᠭᠤᠯᠤᠨ ᠲᠠᠲᠠᠬᠤ ᠶᠢᠨ ᠲᠥᠯᠥᠭᠡ᠂ ᠬᠡᠰᠡᠭ ᠮᠠᠰᠢᠨ ᠲᠡᠷᠭᠡᠨ ᠤ ᠨᠠᠷᠠᠲᠤ ᠲᠡᠮᠳᠡᠭᠲᠦ ᠳᠤ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ᠂ ᠬᠤᠭᠤᠴᠠᠭ᠎ᠠ ᠬᠢᠵᠠᠭᠠᠷᠯᠠᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠠᠶ᠃    ᠱᠠᠩᠬᠠᠶ ᠶᠢᠨ ᠨᠢᠭᠡᠨ ᠮᠠᠰᠢᠨ ᠲᠡᠷᠭᠡᠨ ᠤ 4S ᠳᠡᠯᠭᠡᠭᠦᠷ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ 2023 ᠤᠨ ᠤ ᠵᠢᠯ ᠤᠨ ᠡᠴᠦᠰ ᠠᠴᠠ ᠨᠠᠭᠠᠰᠢ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠨᠠᠷᠠᠲᠤ ᠲᠡᠮᠳᠡᠭᠲᠦ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠴᠥᠭᠡᠨ ᠪᠤᠰᠤ ᠬᠢᠪᠡ᠂ ᠨᠢᠭᠡᠨ ᠴᠤᠯᠤ ᠴᠠᠬᠢᠯᠭᠠᠨ ᠲᠡᠷᠭᠡ ᠶᠢᠨ ᠬᠠᠷᠠᠭᠠᠯᠵᠠᠯ ᠤᠨ ᠡᠷᠴᠢᠮ ᠨᠢ ᠨᠢᠭᠡᠨᠲᠡ ᠬᠤᠶᠠᠷ ᠲᠦᠮᠡᠨ ᠲᠥᠭᠦᠷᠢᠭ ᠬᠦᠷᠴᠦ᠂ ᠣᠲᠣ ᠳᠡᠯᠭᠡᠭᠦᠷ ᠤᠨ ᠡᠳᠦᠷ ᠪᠦᠷᠢ ᠶᠢᠨ ᠳᠤᠮᠳᠠᠴᠢ ᠪᠠᠷ ᠲᠤᠰᠢᠶᠠᠨ ᠦᠭᠭᠦ ᠬᠡᠮᠵᠢᠶ᠎ᠡ ᠨᠢ 20 ᠰᠢᠬᠠᠮ ᠪᠤᠯᠵᠠᠢ᠃ ᠡᠭᠦᠨ ᠠᠴᠠ ᠭᠠᠳᠠᠨ᠎ᠠ᠂ ᠵᠢᠯ ᠤᠨ ᠡᠴᠦᠰ ᠲᠤ ᠡᠯ᠎ᠡ ᠲᠣᠮᠣ ᠮᠠᠰᠢᠨ ᠲᠡᠷᠭᠡᠨ ᠤ ᠠᠵᠤ ᠠᠬᠤᠶᠢᠯᠠᠯ ᠨᠢ ︽ᠲᠣᠰᠣ ᠰᠢᠲᠠᠭᠠᠬᠤ ᠮᠠᠰᠢᠨ ᠲᠡᠷᠭᠡ ᠶᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠪᠤᠯᠭᠠᠨ︾ ᠰᠣᠯᠢᠬᠤ ᠲᠠᠯ᠎ᠠ ᠪᠠᠷ ᠴᠤ ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠡᠶ ᠭᠡᠪᠡ᠃     ᠰᠦᠵᠧᠦ ᠶᠢᠨ ᠨᠢᠭᠡᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ 4S ᠳᠡᠯᠭᠡᠭᠦᠷ ᠲᠤ᠂ ᠲᠡᠷᠭᠡᠨ ᠤ ᠡᠵᠡᠨ ᠪᠦᠦ ᠠᠪᠤᠭᠠᠶ 6 ᠵᠢᠯ ᠪᠠᠷᠢᠬᠰᠠᠨ ᠲᠣᠰᠣ ᠰᠢᠲᠠᠭᠠᠬᠤ ᠮᠠᠰᠢᠨ ᠲᠡᠷᠭᠡ ᠪᠠᠷ ᠢᠶᠠᠨ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠤ ᠭᠡᠵᠦ ᠪᠠᠶᠢᠪᠠ᠂ ᠲᠡᠷᠡ 5000 ᠲᠥᠭᠦᠷᠢᠭ ᠤᠨ ᠨᠥᠬᠦᠪᠥᠷᠢ ᠭᠥᠷᠳᠡᠬᠦ ᠪᠣᠯᠤᠨ᠎ᠠ᠃ ᠬᠠᠷᠢᠭᠤᠴᠠᠯᠭᠠᠲᠠᠨ ᠰᠤᠷᠪᠤᠯᠵᠢᠯᠠᠭᠴᠢ ᠳᠤ᠂ 2023 ᠤᠨ ᠤ ᠲᠤᠤᠷᠠᠳᠤ ᠬᠠᠭᠠᠰ ᠵᠢᠯ ᠠᠴᠠ ᠡᠬᠢᠯᠡᠨ᠂ ᠬᠡᠷᠡᠭᠯᠡᠭᠴᠢ ᠶᠢᠨ ᠮᠠᠰᠢᠨ ᠲᠡᠷᠭᠡ ᠪᠠᠨ ᠰᠣᠯᠢᠬᠤ ᠬᠡᠷᠡᠭᠴᠡᠭᠡ ᠮᠠᠰᠢ ᠶᠡᠭᠡ ᠪᠤᠯᠵᠤ᠂ ᠡᠭᠦᠳᠡᠨ ᠳᠡᠯᠭᠡᠭᠦᠷ ᠤᠨ ᠪᠣᠷᠣᠯᠠᠭᠤᠯᠤᠭᠰᠠᠨ 70% ᠶᠢᠨ ᠮᠠᠰᠢᠨ ᠲᠡᠷᠭᠡ ᠨᠢ ᠴᠥᠮ ᠲᠣᠰᠣ ᠰᠢᠲᠠᠭᠠᠬᠤ ᠮᠠᠰᠢᠨ ᠲᠡᠷᠭᠡ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠰᠠᠨ ᠪᠠᠶᠢᠨ᠎ᠠ ᠭᠡᠵᠦ ᠬᠡᠯᠡᠪᠡ᠃     ᠮᠠᠰᠢᠨ ᠲᠡᠷᠭᠡᠨ ᠤ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠠᠴᠠ ᠭᠠᠳᠠᠨ᠎ᠠ᠂ ᠣᠯᠠᠨ ᠭᠠᠵᠠᠷ ᠤᠨ ᠵᠠᠰᠠᠭ ᠤᠨ ᠣᠷᠳᠣᠨ ᠨᠢ ᠪᠠᠰᠠ ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ ᠵᠡᠷᠭᠡ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠭᠠᠷᠭᠠᠵᠠᠢ᠃ 2023 ᠤᠨ ᠤ ᠰᠡᠭᠦᠯᠴᠢ ᠠᠴᠠ ᠨᠠᠭᠠᠰᠢ᠂ ᠰᠦᠵᠧᠦ ᠬᠤᠲᠠ ᠨᠢ ᠮᠠᠰᠢᠨ ᠲᠡᠷᠭᠡ ᠬᠤᠳᠠᠯᠳᠤᠨ ᠠᠪᠬᠤ ᠳᠤ ᠪᠠᠷᠢᠮᠵᠢᠶ᠎ᠠ ᠥᠬᠡᠶ ᠲᠣᠭᠠᠴᠢᠯᠠᠭᠰᠠᠨ ᠠᠷᠠᠳ ᠤᠨ ᠵᠣᠭᠤᠰ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠭᠠᠷᠭᠠᠪᠠ᠂ ᠮᠠᠰᠢᠨ ᠲᠡᠷᠭᠡ ᠬᠤᠳᠠᠯᠳᠤᠨ ᠠᠪᠬᠤ ᠦᠨ᠎ᠡ ᠨᠢ 20 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠪᠠᠶᠢᠪᠠᠯ 4000 ᠲᠥᠭᠦᠷᠢᠭ ᠤᠨ ᠤᠯᠠᠭᠠᠨ ᠪᠠᠭᠯᠠᠭ᠎ᠠ ᠠᠪᠴᠤ ᠪᠣᠯᠤᠨ᠎ᠠ᠂ 30 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 6000 ᠲᠥᠭᠦᠷᠢᠭ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠠᠪᠴᠤ ᠪᠣᠯᠤᠨ᠎ᠠ᠃ 4S ᠳᠡᠯᠭᠡᠭᠦᠷ ᠤᠨ ᠨᠢᠭᠡ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠠᠰᠠᠭ ᠤᠨ ᠣᠷᠳᠣᠨ ᠤ ᠨᠥᠬᠦᠪᠥᠷᠢ ᠳᠡᠭᠡᠷ᠎ᠡ ᠨᠠᠷᠠᠲᠤ ᠲᠡᠮᠳᠡᠭᠲᠦ ᠶᠢᠨ ᠬᠠᠷᠠᠭᠠᠯᠵᠠᠯ ᠢ ᠨᠡᠮᠡᠭᠰᠡᠨ ᠢᠶᠠᠷ ᠴᠥᠭᠡᠨ ᠪᠤᠰᠤ ᠬᠡᠷᠡᠭᠯᠡᠭᠴᠢᠳ ᠤᠷᠮᠠᠰᠢᠵᠤ ᠲᠡᠷᠭᠡ ᠵᠠᠬᠢᠶᠠᠯᠠᠪᠠ᠃ ᠡᠭᠦᠨ ᠳᠤ 20 ᠲᠦᠮᠡᠨ ᠲᠥᠭᠦᠷᠢᠭ ᠠᠴᠠ ᠳᠡᠭᠡᠭᠰᠢᠬᠢ ᠲᠣᠰᠣ ᠰᠢᠲᠠᠭᠠᠳᠠᠭ ᠮᠠᠰᠢᠨ ᠲᠡᠷᠭᠡᠨ ᠳᠤ 4000 ᠲᠥᠭᠦᠷᠢᠭ ᠤᠨ ᠨᠥᠬᠦᠪᠥᠷᠢ ᠥᠭᠴᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ 5000 ᠲᠥᠭᠦᠷᠢᠭ ᠤᠨ ᠨᠥᠬᠦᠪᠥᠷᠢ ᠦᠭᠴᠦ ᠪᠤᠢ᠃ ᠱᠧᠨᠵᠧᠨ᠂ ᠵᠢᠨᠠᠨ᠂ ᠴᠠᠩᠱᠠ᠂ ᠵᠢᠶᠠ ᠰᠢᠩ ᠵᠡᠷᠭᠡ ᠭᠠᠵᠠᠷ ᠤᠨ ᠬᠢᠨ ᠴᠤ ᠣᠶᠢᠷ᠎ᠠ ᠳᠤ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠭᠠᠷᠭᠠᠵᠠᠶ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号