2024 ᠣᠨ ᠤ 1 ᠰᠠᠷ᠎ᠠ ᠶᠢᠨ 20 ᠤ ᠡᠳᠦᠷ ᠠᠴᠠ ᠡᠬᠢᠯᠡᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠬᠦᠯᠪᠡ᠃ | ᠪᠣᠳᠠᠲᠠᠢ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠨᠢ ᠳᠣᠣᠷᠠᠬᠢ ᠮᠡᠲᠦ᠄ | | ᠪᠠᠲᠤᠯᠠᠭ᠎ᠠ ᠶᠢᠨ ᠬᠥᠮᠥᠰ | ᠲᠦᠩᠯᠢᠶᠣᠣ ᠬᠤᠲᠠ ᠶᠢᠨ ᠳᠣᠲᠣᠷᠠᠬᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠪᠥᠬᠦ ᠰᠠᠭᠤᠭᠠᠯᠢ ᠠᠷᠠᠳ᠃ | | ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ | ᠲᠦᠩᠯᠢᠶᠣᠣ ᠬᠤᠲᠠ ᠶᠢᠨ ᠬᠡᠪᠴᠢᠶᠡᠨ ᠳᠣᠲᠣᠷᠠᠬᠢ ᠡᠯ᠎ᠡ ᠦᠨᠳᠦᠰᠦᠨ ᠱᠠᠲᠤᠨ ᠤ ᠴᠢᠭ᠋ ᠲᠣᠭᠲᠠᠭᠠᠭᠰᠠᠨ | ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠃ | | ᠳᠠᠩᠰᠠ ᠲᠠᠶᠢᠯᠬᠤ ᠬᠡᠪᠴᠢᠶ᠎ᠡ | ᠪᠠᠭ᠎ᠠ ᠰᠠᠭ᠎ᠠ ᠡᠪᠡᠳᠴᠢᠨ ᠡᠮᠭᠡᠭ ᠲᠠᠢ ᠪᠤᠯᠪᠠᠴᠤ ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠ ᠦᠭᠡᠢ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠣᠰ ᠬᠥᠮᠥᠨ ᠨᠢ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠪᠡᠳᠴᠢᠨ ᠦᠵᠡᠬᠦᠯᠦᠭᠡᠳ ᠤᠨᠤᠰᠢᠯᠠᠭᠤᠯᠤᠭᠰᠠᠨ ᠡᠪᠡᠳᠴᠢᠨ ᠡᠮᠭᠡᠭ ᠤᠨ ᠣᠨᠣᠰᠢᠯᠠᠯᠲᠠ ᠲᠠᠢ | ᠨᠡᠶᠢᠴᠡᠭᠰᠡᠨ ᠡᠮ ᠤᠨ ᠵᠦᠢᠯ᠂ ᠪᠠᠶᠢᠴᠠᠭᠠᠯᠲᠠ᠂ ᠰᠢᠯᠭᠠᠨ ᠪᠠᠶᠢᠴᠠᠭᠠᠯᠲᠠ᠂ ᠡᠮᠴᠢᠯᠡᠭᠡ ᠵᠡᠷᠭᠡ ᠡᠩ ᠤᠨ ᠡᠭᠦᠳᠡᠨ | ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠲᠥᠯᠥᠬᠦ ᠳᠤ ᠬᠡᠷᠡᠭᠯᠡᠨ᠎ᠡ᠃ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ᠂ ᠡᠭᠦᠳᠡᠨ ᠡᠮᠨᠡᠯᠭᠡ ᠶᠢᠨ ᠤᠨᠴᠠᠭᠠᠢ ᠬᠡᠷᠡᠭᠯᠡᠬᠦ ᠡᠮ | ᠵᠡᠷᠭᠡ ᠪᠤᠰᠤᠳ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠲᠥᠯᠥᠭᠰᠡᠨ ᠤ ᠳᠠᠷᠠᠭᠠᠬᠢ | ᠥᠪᠡᠷᠲᠡᠭᠡᠨ ᠲᠥᠯᠥᠬᠦ ᠵᠠᠷᠤᠳᠠᠯ ᠢ ᠲᠥᠯᠥᠬᠦ ᠳᠤ ᠬᠡᠷᠡᠭᠯᠡᠵᠦ ᠪᠣᠯᠬᠤ ᠦᠭᠡᠢ᠃ | | ᠣᠯᠭᠤᠮᠵᠢ ᠶᠢᠨ ᠪᠠᠷᠢᠮᠵᠢᠶ᠎ᠠ | ᠡᠬᠢᠯᠡᠵᠦ ᠲᠥᠯᠥᠬᠦ ᠪᠠᠷᠢᠮᠵᠢᠶ᠎ᠠ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ | ᠨᠢᠭᠡᠳᠦᠯᠲᠡᠢ ᠲᠦᠯᠦᠪᠯᠡᠬᠦ ᠡᠬᠢᠯᠡᠵᠦ ᠲᠥᠯᠥᠬᠦ ᠪᠠᠷᠢᠮᠵᠢᠶ᠎ᠠ ᠨᠢ 50 ᠲᠥᠭᠦᠷᠢᠭ ᠪᠣᠯᠣᠨ᠎ᠠ᠃ | ᠲᠠᠩᠰᠠ ᠲᠠᠶᠢᠯᠬᠤ ᠬᠠᠷᠢᠴᠠᠯ᠄ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠣᠲᠣᠷᠠᠬᠢ | ᠦᠨᠳᠦᠰᠦᠨ ᠡᠮᠴᠢᠯᠡᠭᠡᠨ ᠤ ᠵᠠᠷᠤᠳᠠᠯ ᠳᠤ ᠨᠡᠶᠢᠴᠡᠬᠦ ᠬᠡᠰᠡᠭ ᠢ 50% ᠶᠢᠨ ᠬᠠᠷᠢᠴᠠᠯ ᠢᠶᠠᠷ ᠲᠠᠩᠰᠠ ᠲᠠᠶᠢᠯᠤᠨ᠎ᠠ᠃ | | ᠥᠭᠬᠦ ᠬᠢᠵᠠᠭᠠᠷ ᠲᠤᠭ᠎ᠠ᠄ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠣᠨ ᠤ | ᠳᠡᠭᠡᠳᠦ ᠬᠢᠵᠠᠭᠠᠷ ᠢ ᠬᠥᠮᠥᠨ ᠪᠦᠷᠢ 300 ᠲᠥᠭᠦᠷᠢᠭ ᠪᠠᠶᠢᠯᠭᠠᠵᠤ᠂ 50 ᠲᠦᠮᠡᠨ ᠲᠥᠭᠦᠷᠢᠭ ᠤᠨ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠶᠢᠨ ᠥᠭᠬᠦ ᠬᠢᠵᠠᠭᠠᠷ ᠲᠤᠭ᠎ᠠ ᠶᠢᠨ ᠳᠣᠲᠣᠷ᠎ᠠ ᠪᠠᠭᠲᠠᠭᠠᠨ᠎ᠠ᠃ ︵ᠣᠨ ᠤ ᠬᠠᠮᠤᠭ ᠤᠨ | ᠥᠨᠳᠥᠷ ᠬᠢᠵᠠᠭᠠᠷ ᠲᠤᠭ᠎ᠠ ᠶᠢ ᠲᠣᠰ ᠵᠢᠯ ᠳᠤ ᠬᠡᠷᠡᠭᠯᠡᠨ᠎ᠡ᠂ ᠳᠠᠷᠠᠭ᠎ᠠ ᠨᠢᠭᠡ ᠵᠢᠯ ᠳᠤ ᠵᠠᠯᠭᠠᠨ ᠰᠢᠯᠵᠢᠭᠦᠯᠵᠦ ᠪᠣᠯᠬᠤ | ᠦᠭᠡᠢ᠂ ᠪᠤᠰᠤᠳ ᠲᠤ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠦᠭᠡᠢ᠂ ᠳᠠᠷᠠᠭ᠎ᠠ ᠨᠢᠭᠡ ᠵᠢᠯ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠥᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ | ᠲᠤᠯᠭᠠᠨ ᠬᠠᠰᠤᠬᠤ ᠳᠤ ᠬᠡᠷᠡᠭᠯᠡᠵᠦ ᠪᠣᠯᠬᠤ ᠦᠭᠡᠢ᠂ ᠪᠡᠯᠡᠨ ᠵᠣᠭᠤᠰ ᠤᠨ ᠬᠡᠯᠪᠡᠷᠢ ᠪᠠᠷ ᠤᠬᠠᠭᠠᠯᠠᠨ ᠠᠪᠴᠤ ᠪᠣᠯᠬᠤ | ᠦᠭᠡᠢ᠃︶ | | ᠳ᠋ᠦᠩᠨᠡᠨ ᠪᠣᠳᠣᠬᠤ ᠬᠡᠯᠪᠡᠷᠢ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠭᠰᠠᠳ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠡᠮᠨᠡᠭᠦᠯᠬᠦ ᠦᠶ᠎ᠡ ᠳᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ︵ᠪᠤᠶᠤ | ᠡᠮᠴᠢᠯᠡᠭᠡᠨ ᠤ ᠳᠠᠭᠠᠳᠬᠠᠯ ᠤᠨ ᠨᠣᠮᠧᠷ︶ ᠢᠶᠠᠷ ᠰᠢᠭᠤᠳ ᠳ᠋ᠦᠩᠨᠡᠨ ᠪᠤᠳᠤᠵᠤ᠂ ᠳᠠᠭᠠᠳᠬᠠᠯ ᠳᠤ ᠣᠷᠣᠯᠴᠠᠭᠰᠠᠨ | ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠪᠤᠴᠠᠭᠠᠨ ᠲᠠᠩᠰᠠ | ᠲᠠᠶᠢᠯᠤᠭᠤᠯᠵᠤ ᠪᠣᠯᠬᠤ ᠦᠭᠡᠢ᠃ | | ᠬᠠᠯᠠᠭᠤᠨ ᠳᠣᠲᠣᠨᠣ ᠰᠠᠨᠠᠭᠤᠯᠤᠮᠵᠢ᠄ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠡᠭᠦᠳᠡᠨ ᠡᠮᠨᠡᠯᠭᠡ ᠶᠢᠨ ᠰᠦᠢᠳᠬᠡᠯ ᠲᠤᠰᠢᠶᠠᠬᠤ ᠠᠴᠠ | ᠡᠮᠦᠨ᠎ᠡ᠂ ᠤᠷᠢᠳᠠᠪᠠᠷ ᠨᠡᠶᠢᠭᠡᠮ ᠤᠨ ᠪᠠᠲᠤᠯᠠᠭ᠎ᠠ ᠶᠢᠨ ᠺᠠᠷᠲ ︵ᠪᠤᠶᠤ ᠡᠮ ᠡᠮᠨᠡᠯᠭᠡ ᠶᠢᠨ ᠳᠠᠭᠠᠳᠬᠠᠯ ᠤᠨ ᠨᠣᠮᠧᠷ︶ | ᠢᠶᠠᠨ ᠭᠠᠷᠭᠠᠨ ᠦᠵᠡᠭᠦᠯᠵᠦ᠂ ᠡᠭᠦᠳᠡᠨ ᠡᠮᠨᠡᠯᠭᠡ ᠶᠢᠨ ᠰᠦᠢᠳᠬᠡᠯ ᠲᠤᠰᠢᠶᠠᠬᠤ ᠡᠬᠢᠯᠡᠯᠲᠡ ᠶᠢᠨ ᠱᠤᠭᠤᠮ ᠢ | ᠨᠡᠶᠢᠯᠡᠭᠦᠯᠦᠨ ᠲᠥᠯᠥᠪᠯᠡᠨ᠎ᠡ᠃ ᠡᠬᠢᠯᠡᠵᠦ ᠲᠥᠯᠥᠬᠦ ᠱᠤᠭᠤᠮ ᠠᠴᠠ 50 ᠲᠥᠭᠦᠷᠢᠭ ᠬᠡᠲᠦᠷᠡᠪᠡᠯ ᠬᠤᠲᠠ ᠬᠥᠳᠡᠭᠡ | ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠬᠦ ᠠᠵᠢᠯ ᠢ ᠡᠬᠢᠯᠡᠭᠦᠯᠦᠨ᠎ᠡ᠃ | | |