2023 ᠤᠨ ᠳᠤ᠂ ᠨᠢᠭᠡᠳᠦᠭᠡᠷ ᠲᠥᠷᠥᠯ ᠤᠨ ᠬᠥᠬᠡ ᠲᠠᠰ ᠤᠨ ᠬᠡᠤᠬᠡᠳ ᠤᠨ ᠴᠡᠴᠡᠷᠯᠢᠭ 2᠂ ᠬᠤᠲᠠ ᠶᠢᠨ | ᠱᠠᠲᠤᠨ ᠤ ᠲᠠᠭᠤᠷᠢᠶᠠᠯ ᠴᠡᠴᠡᠷᠯᠢᠭ 1᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ 8 | ᠨᠡᠮᠡᠭᠳᠡᠪᠡ᠃ | 2023 ᠣᠨ ᠤ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠥᠯᠢᠭᠡᠷ ᠶᠠᠩᠵᠥ ᠶᠢᠨ ᠰᠢᠶᠠᠨ ᠤ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠪᠡᠶᠡᠯᠡᠬᠦᠯᠪᠡ᠃ | ︽ᠠᠯᠪᠠᠨ ᠵᠢᠷᠤᠮ ᠤᠨ ᠰᠤᠷᠭᠠᠨ ᠬᠥᠮᠦᠵᠢᠯ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ | ᠨᠦᠬᠦᠴᠡᠯ ᠢ ᠥᠭᠡᠷᠡᠴᠢᠯᠡᠬᠦ︾ ᠲᠦᠷᠦᠯ ᠵᠦᠢᠯ ᠢ 8 ᠂ ᠰᠤᠷᠭᠠᠨ ᠬᠥᠮᠦᠵᠢᠯ ᠪᠠᠷ ᠤᠯᠤᠰ ᠢᠶᠠᠨ | ᠬᠦᠴᠦᠷᠭᠡᠭᠵᠢᠬᠦᠯᠬᠦ ᠲᠦᠷᠦᠯ ᠵᠦᠢᠯ 3 ᠭᠡᠷᠡᠭᠵᠢᠬᠦᠯᠪᠡ᠃ | ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠤᠯ ᠤᠨ ᠪᠠᠶᠢᠷᠢ ᠶᠢᠨ ᠠᠰᠠᠷ ᠤᠨ ᠥᠭᠡᠷᠡᠴᠢᠯᠡᠯᠲᠡ ᠶᠢ | ᠪᠡᠶᠡᠯᠡᠭᠦᠯᠵᠦ᠂ ᠰᠢᠨ᠎ᠡ ᠬᠤᠭᠤᠯᠠᠨ ᠭᠡᠷ᠂ ᠪᠠᠶᠢᠷᠢ ᠶᠢᠨ ᠠᠰᠠᠷ᠂ ᠵᠢᠭᠠᠨ ᠰᠤᠷᠭᠠᠯᠲᠠ ᠶᠢᠨ ᠠᠰᠠᠷ ᠢ ᠡᠬᠢᠯᠡᠨ | ᠪᠦᠲᠦᠭᠡᠨ ᠪᠠᠶᠢᠭᠤᠯᠪᠠ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠪᠠᠶᠢᠭᠤᠯᠤᠯᠲᠠ ᠶᠢ ᠡᠬᠢᠯᠡᠭᠦᠯᠵᠦ᠂ ᠲᠣᠮᠣ ᠬᠡᠯᠪᠡᠷᠢ ᠶᠢᠨ | ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ 12 ᠲᠠᠯᠠᠪᠠᠢ ᠤᠳᠠᠭ᠎ᠠ ᠡᠷᠬᠢᠯᠡᠪᠡ ᠃ | | |