2024 ᠤᠨ ᠳᠤ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ︽ᠬᠡᠦᠬᠡᠳ ᠤᠨ ᠴᠡᠴᠡᠷᠯᠢᠭ ᠪᠠ ᠪᠠᠭ᠎ᠠ | ᠰᠤᠷᠭᠠᠭᠤᠯᠢ ᠶᠢ ᠵᠣᠯᠭᠠᠭᠤᠯᠬᠤ︾ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ︽ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠤᠯᠪᠣᠭ᠎ᠠ︾ ᠶᠢᠨ ᠠᠵᠢᠯ ᠢ ᠠᠬᠢᠭᠤᠯᠤᠨ᠂ ᠪᠥᠬᠦ ᠬᠤᠰᠢᠭᠤᠨ ᠤ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ ᠡᠵᠡᠯᠡᠬᠦ ᠬᠠᠷᠢᠴᠠᠯ ᠢ 52% ᠬᠦᠷᠦᠭᠦᠯᠬᠦ ᠪᠠᠷ ᠴᠢᠷᠮᠠᠶᠢᠨ᠎ᠠ | ᠃ | ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ | ᠬᠠᠷᠠᠭᠠᠯᠵᠠᠯ ᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠭᠡᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠡᠷ ᠢ ᠴᠢᠩᠭ᠎ᠠ ᠠᠳᠬᠤᠵᠤ᠂ ᠥᠨᠳᠥᠷ | ᠳᠤᠮᠳᠠᠳᠤ ᠶᠢᠨ ᠰᠢᠯᠭᠠᠯᠲᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ | ᠲᠣᠭᠲᠠᠭᠤᠨ ᠪᠠᠶᠢᠯᠭᠠᠬᠤ ᠶᠢᠨ ᠬᠠᠮᠳᠤ ᠳᠡᠭᠡᠭᠰᠢᠯᠡᠭᠦᠯᠦᠨ᠎ᠡ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠰᠤᠷᠭᠠᠭᠤᠯᠢ ᠶᠢᠨ ᠥᠭᠡᠷᠡᠴᠢᠯᠡᠯᠲᠡ︾ ᠶᠢ | ᠬᠡᠷᠡᠭᠵᠢᠬᠦᠯᠵᠦ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠤ᠂ 5 ᠰᠠᠭᠤᠷᠢ ᠰᠤᠷᠭᠠᠭᠤᠯᠢ ᠳᠤ ᠭᠤᠮ | ᠲᠠᠮᠢᠷ ᠤᠨ ᠲᠠᠯᠠᠪᠤᠷ ᠪᠠᠶᠢᠭᠤᠯᠵᠤ᠂ 1 ᠰᠠᠭᠤᠷᠢ ᠰᠤᠷᠭᠠᠭᠤᠯᠢ ᠳᠤ ᠤᠶᠤᠨᠳᠤ ᠬᠠᠷ᠎ᠠ ᠰᠠᠮᠪᠠᠷ᠎ᠠ ᠲᠠᠭᠠᠷᠠᠭᠤᠯᠵᠤ | ᠦᠭᠭᠦᠨ᠎ᠡ᠃ | ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠵᠢᠭᠠᠨ ᠰᠤᠷᠭᠠᠯᠲᠠ ᠶᠢᠨ ᠠᠰᠠᠷ᠂ | ᠬᠤᠭᠤᠯᠠᠨ ᠭᠡᠷ᠂ ᠲᠡᠮᠦᠷ ᠵᠠᠮ ᠤᠨ ᠵᠡᠭᠦᠨᠳᠡᠬᠢ ᠬᠡᠦᠬᠡᠳ ᠤᠨ ᠴᠡᠴᠡᠷᠯᠢᠭ᠂ 2 ᠰᠤᠮᠤ ᠪᠠᠯᠭᠠᠰᠤ ᠶᠢᠨ ᠪᠡᠶ᠎ᠡ ᠲᠠᠮᠢᠷ | ᠤᠨ ᠤᠷᠳᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠬᠦᠯᠦᠨ᠎ᠡ᠃ | ᠭᠠᠨᠵᠤᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠶᠢᠨ ᠠᠰᠠᠷ᠂ ᠠᠵᠢᠯ | ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠠᠰᠠᠷ ᠤᠨ ᠲᠥᠷᠥᠯ ᠵᠦᠢᠯ ᠢ ᠣᠯᠬᠤ ᠪᠠᠷ | ᠢᠳᠡᠪᠬᠢᠲᠡᠢ ᠲᠡᠮᠡᠴᠡᠨ᠎ᠡ᠃ | ᠰᠤᠷᠭᠠᠭᠤᠯᠢ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠠᠬᠢᠭᠤᠯᠵᠤ᠂ ᠭᠤᠤᠯᠯᠠᠬᠤ ᠠᠵᠤ ᠦᠢᠯᠡᠰ ᠤᠨ | ᠲᠤᠭᠤᠷᠢᠨ ᠳᠤ ᠬᠢᠴᠢᠶᠡᠯ ᠤᠨ ᠲᠤᠬᠢᠷᠠᠭᠤᠯᠤᠯᠳᠠ ᠪᠠᠨ ᠰᠢᠯᠢᠳᠡᠭᠵᠢᠬᠦᠯᠵᠦ᠂ ᠬᠢᠷᠢ ᠲᠡᠩᠴᠡᠭᠰᠡᠨ ᠠᠵᠤ ᠦᠢᠯᠡᠰ ᠤᠨ | ᠠᠵᠢᠯᠴᠢᠨ ᠬᠦᠮᠦᠵᠢᠬᠦᠯᠦᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠦᠮᠦᠵᠢᠬᠦᠯᠬᠦ | ᠶᠢ ᠠᠬᠢᠭᠤᠯᠤᠨ᠎ᠠ᠃ | ︽ᠬᠤᠶᠠᠷ ᠢ ᠪᠠᠭᠠᠰᠬᠠᠬᠤ︾ ᠶᠢ ᠦᠷᠭᠦᠯᠵᠢᠯᠡᠨ ᠠᠬᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠨ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ | ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ |