ᠰᠠᠷ᠎ᠠ ᠳᠠᠬᠢ ᠬᠡᠦᠬᠡᠳ ᠤᠨ ᠠᠶᠤᠯᠢᠬᠠᠢ ᠶᠢᠨ ᠲᠤᠤᠷ᠎ᠠ ᠲᠠᠯ᠎ᠠ ᠨᠢ ᠭᠦᠳᠦᠶᠢᠪᠡᠯ ᠳᠣᠣᠷᠠᠬᠢ ᠬᠡᠳᠦᠨ ᠲᠠᠯ᠎ᠠ ᠶᠢ | ᠠᠩᠬᠠᠷᠴᠤ᠂ ᠬᠡᠦᠬᠡᠳ ᠤᠨ ᠢᠶᠠᠨ ᠠᠮᠤᠷ ᠲᠦᠪᠰᠢᠨ ᠪᠠ ᠡᠷᠡᠭᠦᠯ ᠮᠡᠨᠳᠦ ᠶᠢ ᠬᠠᠮᠠᠭᠠᠯᠠᠨ᠎ᠠ᠃ | 1. ᠬᠦᠳᠦᠶᠢᠵᠦ ᠪᠠᠶᠢᠭ᠎ᠠ ᠬᠡᠰᠡᠭ ᠲᠤ ᠬᠡᠲᠦᠷᠬᠡᠢ ᠰᠡᠳᠡᠯᠲᠡ ᠥᠭᠬᠦ ᠠᠴᠠ ᠵᠠᠶᠢᠯᠠᠰᠬᠢᠬᠦ ᠬᠡᠷᠡᠭᠲᠡᠢ᠃ | ᠬᠡᠦᠬᠡᠳ ᠤᠨ ᠪᠡᠶ᠎ᠡ ᠶᠢ ᠨᠢ ᠤᠬᠢᠶᠠᠵᠤ ᠥᠭᠬᠦ ᠪᠤᠶᠤ ᠬᠤᠪᠴᠠᠰᠤ ᠬᠤᠨᠠᠷ ᠢ ᠨᠢ ᠰᠣᠯᠢᠵᠤ ᠥᠭᠬᠦ ᠳᠡᠭᠡᠨ | ᠭᠦᠳᠦᠶᠢᠭᠰᠡᠨ ᠬᠡᠰᠡᠭ ᠢ ᠬᠢᠴᠢᠶᠡᠵᠦ᠂ ᠬᠡᠲᠦᠷᠬᠡᠢ ᠳᠠᠷᠤᠬᠤ ᠪᠤᠶᠤ ᠨᠤᠬᠤᠯᠤᠨ ᠱᠦᠷᠭᠦᠭᠡᠵᠦ ᠪᠤᠯᠬᠤ ᠦᠭᠡᠢ᠃ | 2. ᠭᠦᠳᠦᠶᠢᠭᠰᠡᠨ ᠬᠡᠰᠡᠭ ᠢ ᠬᠦᠨᠳᠡᠬᠦ ᠠᠴᠠ ᠵᠠᠶᠢᠯᠠᠰᠬᠢᠬᠦ ᠬᠡᠷᠡᠭᠲᠡᠢ᠃ ᠬᠡᠦᠬᠡᠳ ᠢᠶᠠᠨ ᠲᠡᠪᠡᠷᠢᠬᠦ᠂ | ᠬᠦᠯᠳᠦᠭ ᠢ ᠨᠢ ᠰᠣᠯᠢᠬᠤ ᠦᠶ᠎ᠡ ᠳᠤ ᠭᠠᠷ ᠪᠤᠯᠤᠨ ᠭᠠᠷ ᠤᠨ ᠠᠯᠠᠭ᠎ᠠ ᠶᠢᠨ ᠬᠡᠰᠡᠭ ᠢ ᠣᠨᠴᠠᠭᠠᠶᠢᠯᠠᠨ ᠠᠩᠬᠠᠷᠴᠤ᠂ | ᠬᠢᠴᠢᠶᠡᠮᠵᠢ ᠦᠭᠡᠢ ᠪᠠᠷ ᠬᠦᠳᠦᠶᠢᠭᠰᠡᠨ ᠬᠡᠰᠡᠭ ᠢ ᠬᠦᠨᠳᠡᠵᠦ ᠭᠡᠮᠲᠦᠬᠦ ᠠᠴᠠ ᠵᠠᠶᠢᠯᠠᠰᠬᠢᠬᠦ ᠬᠡᠷᠡᠭᠲᠡᠢ᠃ | 3. ᠬᠡᠦᠬᠡᠳ ᠢ ᠲᠣᠬᠢᠷᠠᠮᠵᠢᠲᠠᠢ ᠬᠡᠯᠪᠡᠷᠢ ᠪᠠᠷ ᠤᠨᠳᠠᠭᠤᠯᠤᠨᠠ᠃ ᠠᠶᠤᠯᠢᠬᠠᠢ ᠶᠢᠨ ᠲᠤᠤᠷ᠎ᠠ ᠲᠠᠯ᠎ᠠ ᠨᠢ | ᠭᠦᠳᠦᠶᠢᠬᠦ ᠨᠢ ᠬᠡᠦᠬᠡᠳ ᠤᠨ ᠠᠮᠢᠰᠬᠤᠯ ᠲᠦᠷ ᠵᠣᠭᠰᠣᠬᠤ ᠠᠶᠤᠯ ᠢ ᠨᠡᠮᠡᠭᠳᠡᠭᠦᠯᠳᠡᠭ᠂ ᠡᠶᠢᠮᠦ ᠠᠴᠠ ᠬᠡᠦᠬᠡᠳ ᠢ | ᠵᠥᠪ ᠣᠷᠴᠢᠨ ᠳᠤ ᠤᠨᠲᠠᠭᠤᠯᠬᠤ ᠬᠡᠷᠡᠭᠲᠡᠢ᠂ ᠵᠢᠱᠢᠶᠡᠯᠡᠪᠡᠯ ᠳᠡᠭᠡᠭᠰᠢ ᠬᠠᠷᠠᠨ ᠤᠨᠳᠠᠭᠤᠯᠬᠤ᠂ ᠠᠯᠢ ᠴᠢᠳᠠᠬᠤ ᠪᠠᠷ | ᠲᠡᠭᠰᠢᠬᠡᠨ ᠬᠡᠪᠲᠡᠭᠦᠯᠵᠦ ᠤᠨᠲᠠᠬᠤ ᠠᠴᠠ ᠵᠠᠶᠢᠯᠠᠰᠭᠢᠨ᠎ᠠ᠃ | 4.ᠲᠣᠭᠲᠠᠭᠰᠠᠨ ᠬᠤᠭᠤᠴᠠᠭ᠎ᠠ ᠲᠠᠢ ᠪᠠᠷ ᠬᠡᠦᠬᠡᠳ ᠤᠨ ᠡᠷᠡᠭᠦᠯ ᠴᠢᠭᠢᠷᠠᠭ ᠤᠨ ᠪᠠᠶᠢᠳᠠᠯ ᠢ ᠠᠵᠢᠭᠯᠠᠨ᠎ᠠ᠃ | ᠬᠡᠷᠪᠡ ᠬᠡᠦᠬᠡᠳ ᠭᠡᠨᠡᠳᠲᠡ ᠬᠡᠪ ᠤᠨ ᠪᠤᠰᠤ ᠪᠣᠯᠬᠤ᠂ ᠠᠮᠢᠰᠬᠤᠯ ᠴᠢᠬᠤᠯᠳᠠᠬᠤ ᠵᠡᠷᠭᠡ ᠪᠠᠶᠢᠳᠠᠯ ᠲᠠᠢ ᠪᠠᠶᠢᠪᠠᠯ ᠴᠠᠭ | ᠲᠤᠬᠠᠢ ᠳᠤᠨᠢ ᠡᠮᠨᠡᠭᠦᠯᠬᠦ ᠬᠡᠷᠡᠭᠲᠡᠢ᠃ | ᠶᠡᠷᠦᠩᠬᠡᠶᠢᠯᠡᠪᠡᠯ᠂ ᠬᠡᠦᠬᠡᠳ ᠤᠨ ᠢᠶᠠᠨ ᠠᠶᠤᠤᠯᠢᠬᠠᠢ ᠶᠢᠨ ᠲᠤᠤᠷ᠎ᠠ ᠲᠠᠯ᠎ᠠ ᠶᠢᠨ ᠭᠦᠳᠦᠶᠢᠭᠰᠡᠨ ᠬᠡᠰᠡᠭ ᠢ | ᠣᠨᠴᠠ ᠠᠩᠬᠠᠷᠴᠤ᠂ ᠵᠣᠬᠢᠬᠤ ᠠᠷᠭ᠎ᠠ ᠬᠡᠮᠵᠢᠶ᠎ᠡ ᠠᠪᠴᠤ ᠬᠡᠦᠬᠡᠳ ᠤᠨ ᠢᠶᠠᠨ ᠡᠷᠡᠭᠦᠯ ᠴᠢᠭᠢᠷᠠᠭ ᠢ ᠬᠠᠮᠠᠭᠠᠯᠠᠬᠤ | ᠴᠢᠬᠤᠯᠠ ᠲᠠᠢ᠃ | | |