ᠲᠧᠯᠸᠢᠰ ᠤᠨ ︽ᠢᠵᠢ ᠫᠷᠦᠭᠷᠡᠮ︾ ᠤᠨ ᠰᠦᠢᠳᠬᠡᠯ ᠬᠤᠷᠢᠶᠠᠬᠤ ᠶᠢ ᠴᠡᠭᠴᠡᠯᠡᠬᠦ ᠪᠠ ᠠᠵᠢᠯᠯᠠᠬᠤ ᠳᠤ | ᠪᠤᠳᠤᠯᠢᠶᠠᠨᠲᠠᠢ ᠠᠰᠠᠭᠤᠳᠠᠯ ᠢ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ 2023 ᠣᠨ ᠤ ᠰᠡᠭᠦᠯᠴᠢ | ᠪᠣᠯᠲᠠᠯ᠎ᠠ᠂ ᠲᠦᠷᠪᠡᠨ ᠰᠠᠷ᠎ᠠ ᠭᠠᠷᠤᠢ ᠶᠢᠨ ᠠᠬᠢᠴᠠ ᠪᠠᠷ ᠳᠠᠮᠵᠢᠨ᠂ ᠨᠢᠭᠡᠳᠦᠭᠡᠷ ᠱᠠᠲᠤᠨ ᠤ ᠠᠵᠢᠯ ᠨᠢ ︽ | ᠮᠠᠰᠢᠨ ᠢᠶᠠᠨ ᠨᠡᠭᠡᠭᠡᠵᠦ ᠰᠢᠭᠤᠳ ᠨᠡᠪᠲᠡᠷᠡᠭᠦᠯᠭᠡ ᠦᠵᠡᠬᠦ᠂ ᠰᠦᠢᠳᠬᠡᠯ ᠬᠤᠷᠢᠶᠠᠬᠤ ᠶᠢ 50% ᠪᠠᠷ ᠪᠠᠭᠠᠰᠬᠠᠬᠤ᠂ | ᠬᠡᠷᠡᠭᠯᠡᠭᠡᠨ ᠤ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ︾ ᠬᠠᠷᠠᠯᠲᠠ ᠶᠢ ᠪᠡᠶᠡᠯᠡᠭᠦᠯᠵᠡᠢ᠃ ᠤᠲᠠᠰᠤᠲᠤ | ᠲᠧᠯᠸᠢᠰ ᠪᠣᠯᠣᠨ IPTV ᠶᠢᠨ ᠮᠠᠰᠢᠨ ᠨᠡᠭᠡᠭᠡᠬᠦ ᠵᠠᠷ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠮᠠᠰᠢᠨ | ᠨᠡᠭᠡᠭᠡᠬᠦ ᠴᠠᠭ ᠤᠨ ᠣᠷᠳᠣ ᠶᠢ ᠴᠡᠭᠴᠡᠯᠡᠬᠦ ᠠᠴᠠ ᠡᠮᠦᠨᠡᠬᠢ ᠬᠠᠮᠤᠭ ᠤᠷᠳᠤ ᠳᠠᠭᠠᠨ 118 ᠰᠧᠺᠦ᠋ᠨ᠋ᠳ᠋ | ᠪᠠᠶᠢᠭᠰᠠᠨ ᠠᠴᠠ 35 ᠰᠧᠺᠦ᠋ᠨ᠋ᠳ᠋ ᠠᠴᠠ ᠬᠡᠲᠦᠷᠡᠭᠦᠯᠬᠦ ᠦᠭᠡᠢ ᠪᠣᠯᠭᠠᠨ ᠪᠠᠭᠠᠰᠬᠠᠪᠠ᠃ |