ᠲᠦᠩᠯᠢᠶᠤᠤ ᠬᠤᠳᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠲᠦᠩᠯᠢᠶᠤᠤ ᠬᠤᠳᠠ ᠶᠢᠨ ᠬᠠᠮ ᠵᠠᠭᠤᠴᠢᠯᠠᠭᠤᠷ ᠤᠨ ᠲᠦᠪ ᠠᠴᠠ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠲᠠᠷᠤᠭ᠎ᠠ ᠭᠦᠸᠧ ᠲᠢᠶᠠᠨ ᠪᠤᠤ ᠶᠢ  ᠰᠤᠷᠪᠤᠯᠵᠢᠯᠠᠭᠰᠠᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/1/26
 
    ᠰᠤᠷᠪᠤᠯᠵᠢᠯᠠᠭ᠎ᠠ ᠶᠢᠨ ᠠᠭᠤᠯᠭ᠎ᠠ᠄   ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂   ᠡᠩ ᠲᠡᠷᠢᠬᠦᠨ ᠳᠤ ᠲᠥᠷᠥᠯ ᠵᠦᠢᠯ ᠂ ᠬᠤᠳᠠᠯᠳᠤᠭᠠᠴᠢᠨ ᠤᠷᠢᠬᠤ ᠢᠶᠠᠷ ᠭᠤᠤᠯ ᠪᠣᠯᠭᠠᠬᠤ ᠶᠢ ᠪᠠᠷᠢᠮᠲᠠᠯᠠᠨ  ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂  ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠮᠦᠨ᠎ᠡ ᠹᠧᠷᠤᠨᠲ ᠳᠤ  ᠠᠬᠢᠭᠤᠯᠵᠤ᠂ ᠬᠤᠷᠳᠤᠴᠠ  ᠶᠠᠰᠤ ᠴᠢᠨᠠᠷ  ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠭᠤᠤᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠡᠬᠢᠯᠡᠭᠦᠯᠦᠨ ᠠᠵᠢᠯ ᠰᠡᠷᠭᠦᠭᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠦᠭᠵᠢᠶᠡᠨᠳᠦ ᠪᠠᠶᠢᠳᠠᠯ ᠢᠶᠠᠷ ᠰᠢᠪᠲᠤᠯᠤᠯᠲᠠ ᠶᠢᠨ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ ᠪᠠ ᠴᠤ᠋ ᠰᠢᠨ᠎ᠡ ᠦᠷ᠎ᠡ ᠪᠦᠲᠦᠮᠵᠢ ᠶᠢ ᠢᠯᠡᠷᠡᠬᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠢᠨ᠎ᠡ ᠶᠢ ᠡᠭᠦᠳᠬᠦ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ᠡᠪᠦᠯ ᠤᠨ ᠤᠯᠠᠷᠢᠯ ᠤᠨ ᠳᠠᠶᠢᠯᠠᠯᠳᠤᠭᠠᠨ ᠢ ᠰᠠᠶᠢᠲᠤᠷ ᠬᠢᠵᠦ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠬᠥᠭᠵᠢᠯᠲᠡ ᠶᠢᠨ ᠠᠯᠤᠰ ᠢᠷᠡᠭᠡᠳᠦᠢ ᠰᠠᠶᠢᠨ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠶᠡᠭᠡ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠬᠦᠴᠦᠯᠡᠨ ᠤᠷᠤᠭᠤᠯᠤᠨ᠎ᠠ᠃ ᠬᠤᠶᠠᠷ᠂  ᠠᠵᠤ ᠦᠢᠯᠡᠳᠪᠦᠷᠢ ᠶᠢ ᠬᠥᠭᠵᠢᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠪᠣᠬᠢᠷᠲᠤᠯ ᠦᠭᠡᠢ ᠡᠨᠧᠷᠭᠢ ᠪᠣᠯᠤᠨ ᠠᠵᠤ ᠦᠢᠯᠡᠰ ᠢ ᠬᠠᠮᠵᠢᠯᠴᠠᠨ ᠨᠡᠭᠡᠭᠡᠨ ᠬᠥᠭᠵᠢᠭᠦᠯᠬᠦ ᠪᠠᠷ ᠬᠥᠲᠥᠯᠦᠮᠵᠢ ᠪᠣᠯᠭᠠᠵᠤ᠂ ᠨᠣᠭᠤᠭᠠᠨ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠨ ᠠᠪᠬᠤ ᠲᠣᠭᠤᠷᠢᠨ ᠳᠤ᠂ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠢ ᠰᠠᠶᠢᠲᠤᠷ ᠪᠠᠶᠢᠭᠤᠯᠵᠤ᠂ ᠨᠣᠭᠤᠭᠠᠨ ᠴᠠᠬᠢᠯᠭᠠᠨ ᠤ ᠦᠨ᠎ᠡ ᠬᠠᠩᠰᠢ  ᠲᠤᠤᠷ᠎ᠠ ᠭᠠᠵᠠᠷ ᠢ ᠪᠠᠶᠢᠭᠤᠯᠵᠤ᠂ ︿N +1 +N﹀ ᠰᠢᠨ᠎ᠡ ᠡᠨᠧᠷᠭᠢ ᠶᠢᠨ ᠬᠥᠭᠵᠢᠯᠲᠡ ᠶᠢᠨ ᠵᠠᠭᠪᠤᠷ ᠢ ᠲᠠᠰᠤᠷᠠᠯᠳᠡ ᠦᠭᠡᠢ ᠪᠠᠶᠠᠯᠢᠭᠵᠢᠭᠤᠯᠤᠨ᠎ᠠ᠃ ᠭᠤᠷᠪᠠ᠂  ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ᠂ ᠬᠡᠪᠴᠢᠶᠡᠵᠢᠭᠦᠯᠦᠨ ᠡᠵᠡᠩᠨᠡᠬᠦ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠪᠠᠷᠢᠮᠲᠠᠯᠠᠨ᠂ ᠲᠦᠩᠯᠢᠶᠣᠤ ᠬᠤᠲᠠ ᠶᠢᠨ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠦᠷᠡᠵᠢᠭᠦᠯᠬᠦ ᠶᠢ ᠥᠷᠭᠡᠳᠬᠡᠬᠦ᠂ ᠪᠣᠷᠳᠣᠵᠤ ᠲᠠᠷᠭᠤᠯᠠᠭᠤᠯᠬᠤ ᠡᠳ᠋ᠰᠢᠭᠦᠯᠦᠨ ᠪᠣᠷᠣᠯᠠᠭᠤᠯᠬᠤ ᠪᠥᠬᠦ ᠬᠡᠯᠬᠢᠶ᠎ᠡ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠬᠦᠯᠳᠡᠷᠵᠢᠬᠦᠯᠦᠨ᠎ᠡ  ᠃ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠰᠢᠪᠲᠤᠯᠬᠤ ᠶᠢ ᠲᠦᠷᠭᠡᠳᠬᠡᠵᠦ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠡᠬᠢᠯᠡᠭᠦᠯᠦᠨ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠤᠨ᠎ᠠ᠃ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ  ᠲᠦᠷᠭᠡᠳᠭᠡᠨ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ ᠳᠤᠲᠠᠭᠤᠳᠠᠯ ᠢ ᠳᠠᠰᠤᠷᠠᠯᠳᠠ ᠦᠭᠡᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠳᠦᠷᠦᠭᠳᠡᠯ᠂ ᠵᠣᠯ ᠵᠢᠷᠭᠠᠯᠲᠤ ᠳᠦᠷᠦᠭᠳᠡᠯ ᠪᠣᠯᠤᠨ ᠠᠮᠤᠷ ᠲᠦᠪᠰᠢᠨ ᠤ ᠳᠦᠷᠦᠭᠳᠡᠯ ᠲᠠᠢ ᠪᠤᠯᠭᠠᠨ᠎ᠠ  ᠃  
 
ᠢᠷᠡᠯᠲᠡ᠄ ᠲᠦᠩᠯᠢᠶᠤᠤ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号