ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ᠄ | ᠬᠠᠭᠤᠴᠢᠨ ᠤᠨ ᠢᠶᠠᠨ ᠪᠠᠶᠠᠷᠳᠠᠢ ᠦᠳᠡᠵᠦ᠂ ᠰᠢᠨ᠎ᠡ ᠤᠨ ᠢᠶᠠᠨ ᠪᠣᠯᠪᠠᠰᠤᠨ ᠰᠢᠨ᠎ᠡ ᠬᠡᠪ ᠰᠤᠷᠲᠠᠯ ᠢᠶᠠᠷ | ᠤᠭᠳᠤᠶ᠎ᠠ᠃ 2024 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠵᠠᠯᠭᠠᠮᠵᠢᠯᠠᠨ ᠪᠠᠳᠠᠷᠠᠭᠤᠯᠵᠤ᠂ ᠪᠣᠯᠪᠠᠰᠤᠨ ᠰᠢᠨ᠎ᠡ | ᠰᠤᠷᠲᠠᠯ ᠢ ᠪᠠᠳᠠᠷᠠᠭᠤᠯᠤᠨ᠂ ᠪᠣᠯᠪᠠᠰᠤᠨ ᠡᠶ᠎ᠡ ᠵᠣᠬᠢᠴᠠᠯ ᠲᠠᠢ᠂ ᠪᠣᠬᠢᠷᠲᠤᠯ ᠦᠭᠡᠢ ᠡᠷᠡᠭᠦᠯ ᠡᠩᠬᠡ ᠪᠠᠶᠠᠷ ᠤᠨ | ᠡᠳᠦᠷ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠯᠪᠠᠨ ᠭᠡᠷ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠲᠥᠪ ᠠᠴᠠ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠳᠣᠣᠷᠠᠬᠢ ᠮᠡᠲᠦ | ᠰᠠᠨᠠᠭᠠᠴᠢᠯᠠᠭ᠎ᠠ ᠭᠠᠷᠭᠠᠪᠠ᠄ | ᠠᠷᠪᠢᠯᠠᠨ ᠭᠠᠮᠨᠠᠵᠤ ᠰᠢᠨᠡᠯᠡᠬᠦ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠳᠤᠮᠳᠠᠳᠤ ᠶᠢᠨ ᠰᠠᠶᠢᠬᠠᠨ ᠰᠤᠷᠲᠠᠯ ᠢ ᠪᠠᠳᠠᠷᠠᠭᠤᠯᠤᠨ᠂ | ᠤᠬᠠᠮᠰᠠᠷ ᠠᠴᠠ ᠪᠠᠨ ︽ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ︾ ᠳᠤ ᠣᠷᠣᠯᠴᠠᠵᠤ᠂ ᠶᠡᠭᠡ ᠪᠠᠷ | ᠪᠡᠯᠡᠳᠬᠡᠨ ᠡᠷᠬᠢᠯᠡᠬᠦ᠂ ᠪᠦᠷᠢᠯᠭᠡᠨ ᠰᠦᠢᠳᠬᠡᠬᠦ ᠵᠡᠷᠭᠡ ᠮᠠᠭᠤ ᠵᠠᠩ ᠳᠠᠳᠬᠠᠯ ᠢ ᠡᠰᠡᠷᠭᠦᠴᠡᠨ ᠬᠤᠷᠢᠭᠯᠠᠵᠤ᠂ | ᠣᠶᠤᠨᠴᠢ ᠪᠠᠷ ᠬᠡᠷᠡᠭᠯᠡᠬᠦ᠂ ᠠᠷᠪᠢᠲᠠᠢ ᠬᠤᠭᠤᠯᠠᠯᠠᠬᠤ ᠠᠷᠭ᠎ᠠ ᠮᠠᠶ᠋ᠢᠭ ᠢ ᠰᠠᠨᠠᠭᠠᠴᠢᠯᠠᠵᠤ᠂ ᠰᠢᠨ᠎ᠡ ᠶᠢᠨ ᠵᠣᠯᠭᠠᠯᠲᠠ | ᠬᠢᠵᠦ ᠪᠡᠯᠡᠭ ᠰᠡᠯᠲᠡ ᠬᠤᠳᠠᠯᠳᠤᠨ ᠠᠪᠬᠤ ᠳᠠᠭᠠᠨ ᠪᠣᠳᠠᠲᠤ ᠬᠡᠷᠡᠭᠴᠡᠭᠡ ᠲᠠᠢ ᠪᠠᠶᠢᠬᠤ ᠪᠠ ᠰᠡᠳᠬᠢᠯᠭᠡ ᠪᠠᠨ | ᠢᠯᠡᠳᠬᠡᠬᠦ ᠶᠢ ᠴᠢᠬᠤᠯᠠᠴᠢᠯᠠᠵᠤ᠂ ᠬᠡᠲᠦᠷᠡᠲᠡᠯ᠎ᠡ ᠪᠣᠭᠤᠳᠠᠯᠯᠠᠬᠤ ᠪᠠ ᠣᠷᠴᠢᠨ ᠠᠬᠤᠢ ᠶᠢ ᠪᠣᠬᠢᠷᠲᠤᠭᠤᠯᠬᠤ ᠪᠡᠯᠡᠭ | ᠰᠡᠯᠲᠡ ᠬᠦᠷᠭᠡᠬᠦ ᠶᠢ ᠲᠡᠪᠴᠢᠵᠦ᠂ ︽ᠢᠳᠡᠭᠡᠨ ᠤᠮᠳᠠᠭᠠᠨ ᠤ ᠲᠠᠯ᠎ᠠ ᠪᠠᠷ ᠪᠦᠷᠢᠯᠭᠡᠨ ᠰᠦᠢᠳᠬᠡᠬᠦ︾ ᠶᠢ ᠲᠡᠪᠴᠢᠵᠦ᠂ | ᠠᠷᠢᠭᠤᠨ ᠴᠢᠬᠡᠴᠢ ︽ᠠᠷᠪᠢᠴᠢ ᠭᠠᠮᠲᠠᠢ ᠰᠢᠨ᠎ᠡ ᠵᠢᠯ︾ ᠢ ᠥᠩᠭᠡᠷᠡᠭᠦᠯᠬᠦ ᠬᠡᠷᠡᠭᠲᠡᠢ᠃ | ᠠᠮᠤᠷ ᠲᠠᠶᠢᠪᠤᠩ ᠰᠢᠨᠡᠯᠡᠬᠦ | ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ | ᠵᠢᠷᠤᠮᠯᠠᠨ ᠰᠠᠬᠢᠵᠤ᠂ ᠠᠮᠤᠷ ᠲᠦᠪᠰᠢᠨ ᠢᠶᠠᠷ ᠵᠢᠯᠤᠭᠤᠳᠬᠤ ᠶᠢ ᠠᠩᠬᠠᠷᠴᠤ᠂ ᠠᠮᠤᠷ ᠲᠦᠪᠰᠢᠨ ᠢᠶᠠᠷ ᠶᠠᠪᠤᠵᠤ᠂ | ᠠᠷᠢᠬᠢ ᠤᠤᠭᠤᠭᠰᠠᠨ ᠤ ᠳᠠᠷᠠᠭ᠎ᠠ ᠶᠠᠭᠠᠬᠢᠭᠰᠠᠨ ᠴᠤ ᠲᠡᠷᠭᠡ ᠵᠢᠯᠤᠭᠤᠳᠬᠤ ᠦᠭᠡᠢ ᠪᠠᠶᠢᠬᠤ ᠬᠡᠷᠡᠭᠲᠡᠢ︔ ᠬᠤᠸᠠᠷ | ᠫᠤᠤᠵᠢᠩ ᠢ ᠪᠣᠯᠪᠠᠰᠤᠨ ᠢᠶᠠᠷ ᠲᠠᠯᠪᠢᠵᠤ᠂ ᠠᠮᠤᠷ ᠲᠦᠪᠰᠢᠨ᠂ ᠪᠣᠬᠢᠷᠲᠤᠯ ᠪᠠᠭᠠᠲᠠᠢ ᠣᠷᠴᠢᠨ ᠠᠬᠤᠢ ᠶᠢᠨ | ᠬᠠᠮᠠᠭᠠᠯᠠᠯᠲᠠ ᠶᠢᠨ ᠬᠤᠸᠠᠷ ᠫᠤᠤᠵᠢᠩ ᠢ ᠰᠣᠩᠭᠤᠵᠤ ᠬᠤᠳᠠᠯᠳᠤᠨ ᠠᠪᠬᠤ ᠶᠢ ᠰᠠᠨᠠᠭᠤᠯᠵᠤ ᠪᠠᠶᠢᠨ᠎ᠠ᠃ ᠭᠠᠯ ᠢ | ᠰᠡᠷᠭᠡᠶᠢᠯᠡᠬᠦ᠂ ᠳᠡᠯᠪᠡᠷᠡᠯᠲᠡ ᠶᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠮᠡᠬᠡᠯᠡᠬᠦ ᠶᠢ ᠰᠡᠷᠭᠡᠶᠢᠯᠡᠬᠦ ᠶᠢ | ᠠᠩᠬᠠᠷᠴᠤ᠂ ︽ᠠᠮᠤᠷ ᠠᠮᠤᠭᠤᠯᠠᠩ ᠪᠣᠯ ᠵᠣᠯ ᠵᠢᠷᠭᠠᠯ︾ ᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠵᠤ᠂ ᠠᠮᠤᠷ ᠠᠮᠤᠭᠤᠯᠠᠩ ᠵᠣᠯ ᠵᠢᠷᠭᠠᠯ ᠲᠠᠢ ︽ᠠᠮᠤᠷ ᠠᠮᠤᠭᠤᠯᠠᠩ ᠰᠢᠨ᠎ᠡ ᠵᠢᠯ︾ ᠢ ᠥᠩᠭᠡᠷᠡᠭᠦᠯᠬᠦ ᠬᠡᠷᠡᠭᠲᠡᠢ | ᠃ | ᠡᠷᠡᠭᠦᠯ ᠮᠡᠨᠳᠤ ᠪᠠᠷ ᠴᠠᠭᠠᠯᠠᠬᠤ | ᠡᠷᠡᠭᠦᠯ ᠰᠠᠷᠠᠭᠤᠯ ᠪᠣᠯᠪᠠᠰᠤᠨ ᠳᠤᠮᠳᠠᠳᠤ ᠶᠢᠨ ᠵᠠᠩ ᠳᠠᠳᠬᠠᠯ ᠢ ᠰᠠᠨᠠᠭᠠᠴᠢᠯᠠᠵᠤ᠂ ︽ᠪᠣᠯᠪᠠᠰᠤᠨ ᠢ ᠡᠷᠬᠢᠮᠯᠡᠬᠦ᠂ | ᠪᠣᠯᠬᠢ ᠳᠠᠳᠬᠠᠯ ᠢ ᠥᠭᠡᠷᠡᠴᠢᠯᠡᠬᠦ᠂ ᠰᠢᠨ᠎ᠡ ᠬᠡᠪ ᠰᠤᠷᠲᠠᠯ ᠢ ᠪᠤᠢ ᠪᠣᠯᠭᠠᠬᠤ︾ ᠠᠵᠢᠯᠯᠠᠭ᠎ᠠ ᠳᠤ ᠤᠬᠠᠮᠰᠠᠷ ᠠᠴᠠ ᠪᠠᠨ | ᠣᠷᠣᠯᠴᠠᠵᠤ᠂ ᠡᠷᠡᠭᠦᠯ ᠮᠡᠨᠳᠤ ᠳᠤ ᠠᠰᠢᠭᠲᠠᠢ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠳᠤ | ᠣᠷᠣᠯᠴᠠᠵᠤ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠵᠦ᠂ ᠤᠬᠠᠮᠰᠠᠷ ᠠᠴᠠ ᠪᠠᠨ ᠠᠷᠢᠬᠢᠨ ᠳᠤ ᠰᠢᠨᠤᠬᠤ | ᠦᠭᠡᠢ᠂ ᠵᠣᠭᠤᠰ ᠨᠠᠭᠠᠳᠬᠤ ᠦᠭᠡᠢ᠂ ᠤᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠦᠭᠡᠢ᠂ | ᠥᠪᠡᠷ ᠢ ᠪᠠᠨ ᠬᠥᠮᠥᠵᠢᠭᠦᠯᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠪᠠᠶᠠᠷ ᠬᠥᠷ ᠲᠠᠢ ︽ᠡᠷᠡᠭᠦᠯ ᠮᠡᠨᠳᠦ ᠵᠢᠯ︾ | ᠢ ᠥᠩᠭᠡᠷᠡᠭᠦᠯᠬᠦ ᠬᠡᠷᠡᠭᠲᠡᠢ᠃ | ᠥᠯᠵᠡᠢ ᠪᠡᠯᠭᠡ ᠲᠠᠢ ᠰᠢᠨᠡᠯᠡᠬᠦ | ᠨᠡᠶᠢᠭᠡᠮ ᠨᠡᠶᠢᠲᠡ ᠶᠢᠨ ᠶᠣᠰᠣ ᠮᠣᠷᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠨ | ᠰᠠᠶᠢᠬᠠᠨ ᠶᠣᠰᠣ ᠮᠣᠷᠠᠯ ᠢ ᠵᠢᠷᠤᠮᠯᠠᠨ ᠰᠠᠬᠢᠵᠤ᠂ ᠨᠠᠰᠤᠲᠠᠨ ᠢᠶᠠᠨ ᠬᠦᠨᠳᠦᠯᠡᠨ ᠨᠠᠰᠤᠲᠠᠨ ᠢᠶᠠᠨ ᠬᠠᠯᠠᠮᠵᠢᠯᠠᠵᠤ᠂ | ᠠᠴᠢᠯᠠᠯ ᠡᠯᠪᠡᠷᠢᠯ ᠲᠠᠢ ᠪᠠᠶᠢᠬᠤ ᠰᠤᠷᠲᠠᠯ ᠢ ᠪᠤᠢ ᠪᠣᠯᠭᠠᠵᠤ᠂ ᠬᠥᠷᠰᠢ ᠵᠡᠷᠭᠡᠯᠡᠳᠡᠭᠡ ᠲᠠᠢ ᠪᠠᠨ ᠡᠶᠡᠯᠳᠡᠭ ᠲᠤᠳᠤᠨᠤ | ᠬᠠᠷᠢᠯᠴᠠᠵᠤ᠂ ᠡᠶ᠎ᠡ ᠵᠣᠬᠢᠴᠠᠯ ᠲᠠᠢ ᠪᠠᠶᠢᠬᠤ ᠰᠤᠷᠲᠠᠯ ᠢ ᠪᠤᠢ ᠪᠣᠯᠭᠠᠵᠤ᠂ ᠴᠠᠭᠠᠨ ᠰᠠᠷ᠎ᠠ ᠶᠢ ᠠᠰᠢᠭᠯᠠᠨ ᠲᠦᠷᠦᠯ | ᠰᠠᠳᠤᠨ ᠤ ᠬᠠᠶᠢᠷ᠎ᠠ ᠰᠡᠳᠬᠢᠯᠭᠡ᠂ ᠨᠥᠬᠦᠷᠰᠡᠭ ᠰᠡᠳᠬᠢᠯᠭᠡ᠂ ᠨᠤᠲᠤᠭ ᠤᠨ ᠬᠠᠶᠢᠷ᠎ᠠ ᠰᠡᠳᠬᠢᠯᠭᠡ ᠪᠠᠨ | ᠰᠠᠨᠠᠭᠠᠴᠢᠯᠠᠭ᠎ᠠ ᠠᠴᠠ ᠪᠠᠨ ᠨᠡᠮᠡᠭᠳᠡᠭᠦᠯᠵᠦ᠂ ᠬᠠᠶᠢᠷ᠎ᠠ ᠬᠠᠯᠠᠮᠵᠢ ᠬᠦᠷᠭᠡᠬᠦ᠂ ᠬᠠᠯᠠᠭᠤᠨ ᠲᠤᠯᠠᠭᠠᠨ ᠬᠦᠳᠡᠷᠭᠡᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠳᠠᠶᠠᠭᠠᠷ ᠲᠤ ᠡᠶ᠎ᠡ | ᠵᠣᠬᠢᠴᠠᠯ ᠲᠠᠢ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠡᠶ᠎ᠡ ᠨᠠᠶᠢᠷᠲᠠᠢ ︽ᠥᠯᠵᠡᠶᠢᠲᠦ ᠰᠢᠨ᠎ᠡ ᠵᠢᠯ︾ ᠢ | ᠥᠩᠭᠡᠷᠡᠭᠦᠯᠬᠦ ᠬᠡᠷᠡᠭᠲᠡᠢ᠃ | ᠵᠢᠷᠤᠭ | ᠰᠢᠨ᠎ᠡ ᠵᠢᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠵᠤ᠂ ᠰᠢᠨ᠎ᠡ ᠵᠢᠯ ᠰᠢᠨ᠎ᠡ ᠬᠡᠪ ᠰᠤᠷᠲᠠᠯ ᠢ | ᠪᠠᠳᠠᠷᠠᠭᠤᠯᠤᠶ᠎ᠠ᠃ ᠠᠳᠡ᠂ ᠪᠢᠳᠡ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢᠳᠡᠪᠬᠢᠲᠡᠢ | ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠠᠴᠠ ᠪᠠᠨ ᠡᠬᠢᠯᠡᠨ ᠬᠢᠵᠦ᠂ ᠪᠠᠭ᠎ᠠ | ᠶᠠᠪᠤᠳᠠᠯ ᠠᠴᠠ ᠡᠬᠢᠯᠡᠨ ᠬᠢᠵᠦ᠂ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ | ᠠᠮᠢ ᠠᠬᠤᠢ ᠶᠢᠨ ᠤᠬᠠᠮᠰᠠᠷ ᠢᠶᠠᠨ ᠴᠢᠩᠭᠠᠳᠬᠠᠵᠤ᠂ ᠬᠡᠷᠡᠭᠯᠡᠭᠡᠨ ᠤ ᠦᠵᠡᠯᠲᠡ ᠪᠠᠨ ᠬᠤᠪᠢᠷᠠᠭᠤᠯᠵᠤ᠂ ᠪᠠᠶᠢᠭᠠᠯᠢ ᠶᠢ | ᠡᠷᠬᠢᠮᠯᠡᠨ᠂ ᠡᠷᠡᠭᠦᠯ ᠮᠡᠨᠳᠤ ᠶᠢ ᠬᠥᠭᠡᠭᠡᠴᠡᠯᠳᠦᠵᠦ᠂ ᠴᠠᠭᠠᠨ ᠰᠠᠷ᠎ᠠ ᠶᠢᠨ ᠬᠤᠭᠤᠴᠠᠭ᠎ᠠ ᠶᠢ ᠨᠡᠩ ᠪᠣᠬᠢᠷᠲᠤᠯ ᠦᠭᠡᠢ᠂ | ᠨᠡᠩ ᠳᠣᠣᠷ᠎ᠠ ᠨᠡᠭᠦᠷᠡᠰᠦᠲᠥ᠋ᠷᠥᠭᠴᠢ ᠲᠠᠢ᠂ ᠨᠡᠩ ᠣᠷᠴᠢᠨ ᠲᠣᠭᠤᠷᠢᠨ ᠢ ᠬᠠᠮᠠᠭᠠᠯᠠᠬᠤ ᠶᠢ ᠰᠠᠨᠠᠭᠠᠴᠢᠯᠠᠶ᠎ᠠ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠬᠤᠷᠢᠶᠠᠨ ᠤ ᠤᠬᠠᠭᠤᠯᠬᠤ ᠬᠡᠯᠲᠡᠰ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠶᠤᠨ ᠤ ᠪᠣᠯᠪᠠᠰᠤᠨ ᠤ ᠠᠯᠪᠠᠨ ᠭᠡᠷ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠦᠪ | | 2024 ᠣᠨ ᠤ 1 ᠰᠠᠷ᠎ᠠ ᠶᠢᠨ 23 ᠤ ᠡᠳᠦᠷ | | |