ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠫᠦ᠋ ᠱᠤ᠋ ᠵᠢᠶᠦ᠋ᠨ ᠢ ᠤᠷᠢᠵᠤ ᠰᠦᠯᠵᠢᠶᠡᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/1/3
    ᠰᠦᠯᠵᠢᠶᠡᠨ ᠠᠨᠳᠠ ᠨᠠᠷ ᠣᠯᠠᠨ ᠢᠶᠠᠷ ᠢᠶᠠᠨ ᠰᠠᠶᠢᠨ ᠪᠠᠶᠢᠨ᠎ᠠ ᠤᠤ︖  ᠲᠠ ᠤᠯᠠᠨ ᠤ ᠰᠦᠯᠵᠢᠶᠡᠨ ᠰᠤᠷᠪᠤᠯᠵᠢᠯᠠᠭ᠎ᠠ ᠶᠢᠨ ᠫᠷᠤᠭ᠍ᠷᠠᠮ ᠳᠤ ᠰᠠᠭᠠᠳᠠᠬᠰᠠᠨ ᠳᠤ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ  ᠪᠢᠳᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠫᠦ᠋ ᠱᠤ᠋ ᠵᠢᠶᠦ᠋ᠨ ᠢ ᠤᠷᠢᠵᠤ ᠰᠦᠯᠵᠢᠶᠡᠨ ᠰᠤᠷᠪᠤᠯᠵᠢᠯᠠᠭ᠎ᠠ  ᠦᠷᠨᠢᠬᠦᠯᠬᠦ  ᠪᠠᠷ ᠪᠠᠶᠢᠨ᠎ᠠ᠃ ᠫᠦ᠋ ᠱᠤ᠋ ᠵᠢᠶᠦ᠋ᠨ᠄    ᠬᠥᠲᠥᠯᠦᠭᠴᠢ ᠰᠠᠢᠨ︕ ᠰᠦᠯᠵᠢᠶᠡᠨ ᠠᠨᠳᠠ ᠨᠠᠷ ᠪᠦᠭᠦᠳᠡᠭᠡᠷ ᠰᠠᠶᠢᠨ ᠪᠠᠶᠢᠨ᠎ᠠ︕ ᠪᠢ ᠪᠣᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠫᠦ᠋ ᠱᠤ᠋ ᠵᠢᠶᠦ᠋ᠨ ᠪᠣᠯᠤᠨ᠎ᠠ᠃ ᠶᠠᠭᠤᠨ ᠤ ᠡᠮᠦᠨ᠎ᠡ  ᠫᠷᠦᠭᠷᠡᠮ ᠤᠨ ᠳᠤᠭᠤᠶᠢᠯᠠᠩ ᠂ ᠪᠢᠳᠡᠨ ᠳᠤ ᠥᠷᠭᠡᠨ ᠣᠯᠠᠨ ᠰᠣᠨᠣᠰᠤᠭᠴᠢᠳ ᠤᠨ ᠬᠤᠭᠤᠷᠤᠨᠳᠤ ᠰᠣᠯᠢᠯᠴᠠᠭᠠᠨ ᠤ ᠲᠠᠪᠴᠠᠩ ᠬᠠᠩᠭᠠᠵᠤ᠂ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠮᠡᠷᠭᠡᠵᠢᠯ ᠤᠨ ᠴᠣᠯᠠ ᠮᠡᠳᠡᠭᠦᠯᠬᠦ᠂ ᠮᠡᠷᠭᠡᠵᠢᠯ ᠤᠨ ᠴᠣᠯᠠ ᠤᠷᠢᠨ ᠲᠣᠮᠢᠯᠠᠬᠤ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠯᠭᠡᠬᠦ ᠵᠠᠪᠰᠢᠶᠠᠨ ᠤᠯᠭᠤᠬᠰᠠᠨ ᠳᠤ ᠲᠠᠯᠠᠷᠬᠠᠵᠤ ᠪᠠᠶᠢᠨ᠎ᠠ᠃ ᠬᠥᠲᠥᠯᠦᠭᠴᠢ᠄    ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠲᠥᠷᠥᠯ ᠢᠯᠭᠠᠭ᠎ᠠ ᠶᠢ ᠬᠡᠷᠬᠢᠨ ᠪᠠᠶᠢᠷᠢᠯᠠᠭᠤᠯᠬᠤ ᠪᠤᠢ︖ᠫᠦ᠋ ᠱᠤ᠋ ᠵᠢᠶᠦ᠋ᠨ᠄    ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢ ᠬᠠᠮᠢᠶᠠᠷᠤᠯᠲᠠ ᠶᠢᠨ ᠠᠵᠢᠯ ᠤᠨ ᠪᠠᠶᠢᠷᠢ᠂ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠪᠣᠯᠤᠨ ᠦᠢᠯᠡᠴᠢᠯᠡᠭᠡᠨ ᠤ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠠᠵᠢᠯ ᠤᠨ ᠪᠠᠶᠢᠷᠢ ᠭᠡᠵᠦ ᠭᠤᠷᠪᠠᠨ ᠲᠥᠷᠥᠯ ᠬᠤᠪᠢᠶᠠᠨ᠎ᠠ᠃ ᠭᠤᠷᠪᠠᠨ ᠲᠥᠷᠥᠯ ᠤᠨ ᠠᠵᠢᠯ ᠤᠨ ᠪᠠᠶᠢᠷᠢ ᠶᠢᠨ ᠬᠤᠭᠤᠷᠣᠨᠳᠣᠬᠢ ᠪᠦᠲᠦᠴᠡ ᠶᠢᠨ ᠬᠠᠷᠢᠴᠠᠯ ᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠠᠵᠢᠯ ᠦᠢᠯᠡᠰ ᠤᠨ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠤᠨ ᠴᠢᠳᠠᠮᠵᠢ᠂ ᠡᠭᠦᠷᠭᠡ ᠬᠠᠷᠢᠭᠤᠴᠠᠯᠭ᠎ᠠ᠂ ᠠᠵᠢᠯ ᠤᠨ ᠰᠢᠨᠵᠢ ᠴᠢᠨᠠᠷ ᠪᠣᠯᠤᠨ ᠠᠵᠢᠯᠲᠠᠨ ᠤ ᠪᠦᠲᠦᠴᠡ ᠶᠢᠨ ᠣᠨᠴᠠᠯᠢᠭ ᠵᠡᠷᠭᠡ ᠬᠦᠴᠦᠨ ᠵᠦᠢᠯ ᠢ ᠦᠨᠳᠦᠰᠦᠯᠡᠨ ᠶᠡᠷᠦᠩᠬᠡᠶᠢᠯᠡᠨ  ᠲᠤᠬᠳᠠᠭᠠᠨ᠎ᠠ  ᠂ ᠡᠵᠡᠮᠳᠡᠬᠦ ᠪᠠᠷᠢᠮᠵᠢᠶ᠎ᠠ ᠨᠢ ᠳᠣᠤᠷᠠᠬᠢ ᠮᠡᠲᠦ᠄    1. ᠭᠤᠤᠯᠳᠠᠭᠤ ᠲᠤᠰᠬᠠᠶ ᠮᠡᠷᠭᠡᠵᠢᠯ ᠢᠶᠠᠷ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠬᠠᠩᠭᠠᠬᠤ ᠠᠵᠢᠯ ᠦᠢᠯᠡᠰ ᠤᠨ ᠨᠢᠭᠡᠴᠡ ᠨᠦᠭᠦᠳ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠭᠤᠤᠯ ᠴᠣᠭᠴᠠ ᠶᠢ ᠡᠵᠡᠯᠡᠵᠦ᠂ ᠡᠩ ᠤᠨ ᠪᠠᠶᠢᠳᠠᠯ ᠳᠣᠤᠷ᠎ᠠ ᠨᠢᠭᠡᠴᠡ ᠶᠢᠨ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠶᠢᠨ 70% ᠠᠴᠠ ᠳᠣᠤᠷ᠎ᠠ ᠦᠭᠡᠶ ᠪᠠᠶᠢᠬᠤ ᠶᠢ ᠪᠠᠲᠤᠯᠠᠬᠤ ᠬᠡᠷᠡᠭᠲᠡᠶ᠃    2. ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠠᠵᠢᠯ ᠦᠢᠯᠡᠰ ᠤᠨ ᠨᠢᠭᠡᠴᠡ ᠨᠦᠭᠦᠳ ᠬᠠᠮᠢᠶᠠᠷᠤᠯᠲᠠ ᠶᠢᠨ ᠠᠵᠢᠯ ᠤᠨ ᠪᠠᠶᠢᠷᠢ  ᠭᠤᠤᠯ ᠴᠣᠭᠴᠠ ᠶᠢ ᠡᠵᠡᠯᠡᠬᠦ ᠶᠢ ᠪᠠᠲᠤᠯᠠᠵᠤ᠂ ᠡᠩ ᠤᠨ ᠪᠠᠶᠢᠳᠠᠯ ᠳᠣᠤᠷ᠎ᠠ ᠨᠢᠭᠡᠴᠡ ᠶᠢᠨ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠶᠢᠨ ᠬᠠᠭᠠᠰ ᠠᠴᠠ ᠳᠡᠭᠡᠭᠰᠢᠬᠢ ᠶᠢ ᠡᠵᠡᠯᠡᠬᠦ ᠬᠡᠷᠡᠭᠲᠡᠶ᠃    3. ᠭᠤᠤᠯᠳᠠᠭᠤ ᠮᠡᠷᠭᠡᠵᠢᠯ ᠴᠢᠳᠠᠪᠤᠷᠢ ᠪᠠᠷ ᠠᠵᠢᠯᠯᠠᠭᠤᠯᠬᠤ ᠬᠠᠮᠠᠭᠠᠯᠠᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠨᠦᠭᠦᠳ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ ᠶᠢᠨ ᠭᠤᠤᠯ ᠴᠣᠭᠴᠠ ᠶᠢ ᠡᠵᠡᠯᠡᠬᠦ ᠶᠢ ᠪᠠᠲᠤᠯᠠᠵᠤ᠂ ᠦᠢᠯᠡᠴᠢᠯᠡᠭᠡᠨ ᠤ ᠠᠵᠢᠯ ᠤᠨ ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ ᠶᠢᠨ ᠭᠤᠤᠯ ᠴᠣᠭᠴᠠ ᠶᠢ ᠪᠠᠲᠤᠯᠠᠵᠤ᠂ ᠡᠩ ᠤᠨ ᠪᠠᠶᠢᠳᠠᠯ ᠳᠤ ᠨᠢᠭᠡᠴᠢ ᠶᠢᠨ ᠶᠡᠷᠦᠩᠬᠡᠶ ᠬᠡᠮᠵᠢᠶᠡᠨ ᠤ ᠬᠠᠭᠠᠰ ᠠᠴᠠ ᠳᠡᠭᠡᠭᠰᠢᠬᠢ ᠶᠢ ᠡᠵᠡᠯᠡᠬᠦ ᠬᠡᠷᠡᠭᠲᠡᠶ᠃    4. ᠠᠵᠢᠯ ᠦᠢᠯᠡᠰ ᠤᠨ ᠨᠢᠭᠡᠴᠡ ᠶᠢᠨ ᠭᠤᠤᠯ ᠴᠣᠭᠴᠠ ᠶᠢᠨ ᠠᠵᠢᠯ ᠤᠨ ᠪᠠᠶᠢᠷᠢ ᠠᠴᠠ ᠪᠤᠰᠤᠳ ᠬᠤᠶᠠᠷ ᠲᠥᠷᠥᠯ ᠤᠨ ᠠᠵᠢᠯ ᠤᠨ ᠪᠠᠶᠢᠷᠢ ᠨᠢ ᠬᠠᠷᠢᠴᠠᠩᠭᠤᠶ ᠵᠦᠶ ᠵᠣᠬᠢᠰᠲᠠᠶ ᠪᠦᠲᠦᠴᠡ ᠶᠢᠨ ᠬᠠᠷᠢᠴᠠᠯ ᠢ ᠪᠠᠲᠤᠯᠠᠬᠤ ᠬᠡᠷᠡᠭᠲᠡᠶ᠃    5. ᠠᠵᠢᠯ ᠦᠢᠯᠡᠰ ᠤᠨ ᠨᠢᠭᠡᠴᠡ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠨᠡᠶᠢᠭᠡᠮᠴᠢᠯᠡᠯᠲᠡ ᠶᠢ ᠵᠣᠷᠢᠭᠵᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠷᠬᠦᠴᠡ ᠶᠢ ᠠᠯᠬᠤᠮ ᠠᠯᠬᠤᠮ ᠢᠶᠠᠷ ᠦᠷᠭᠡᠳᠭᠡᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠶᠢ ᠨᠢᠭᠡᠨᠳᠡ ᠪᠡᠶᠡᠯᠡᠬᠦᠯᠦᠭᠰᠡᠨ ᠬᠥᠳᠡᠯᠮᠦᠷᠢ ᠬᠦᠴᠦᠨ ᠤ ᠠᠵᠢᠯ  ᠳᠤ᠂  ᠬᠠᠮᠢᠶ᠎ᠠ ᠪᠦᠬᠦᠢ ᠮᠡᠷᠭᠡᠵᠢᠯ ᠤᠨ ᠴᠢᠳᠠᠪᠤᠷᠢ ᠶᠢᠨ ᠠᠵᠢᠯ ᠤᠨ ᠪᠠᠶᠢᠷᠢ ᠶᠢ ᠳᠠᠬᠢᠵᠤ ᠪᠠᠶᠢᠷᠢᠯᠠᠭᠤᠯᠬᠤ ᠦᠭᠡᠶ᠃            ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠵᠡᠷᠭᠡ ᠳᠡᠰ ᠢ ᠲᠣᠬᠢᠷᠠᠭᠤᠯᠬᠤ ᠱᠠᠭᠠᠷᠳᠠᠯᠭ᠎ᠠ   ᠨᠢ ᠶᠠᠮᠠᠷ ᠪᠤᠢ︖  ᠫᠦ᠋ ᠱᠤ᠋ ᠵᠢᠶᠦ᠋ᠨ    1. ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠬᠠᠮᠤᠭ ᠤᠨ ᠳᠡᠭᠡᠳᠦ ᠳᠡᠰ ᠪᠣᠯᠤᠨ ᠪᠦᠲᠦᠴᠡ ᠶᠢᠨ ᠬᠠᠷᠢᠴᠠᠯ ᠢ ᠠᠵᠢᠯ ᠦᠢᠯᠡᠰ ᠤᠨ ᠨᠢᠭᠡᠴᠡ ᠶᠢᠨ ᠴᠢᠳᠠᠮᠵᠢ᠂ ᠬᠡᠮᠵᠢᠶ᠎ᠡ᠂ ᠬᠠᠷᠢᠶᠠᠯᠠᠭᠳᠠᠬᠤ ᠬᠠᠷᠢᠴᠠᠭ᠎ᠠ ᠪᠣᠯᠤᠨ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠤᠨ ᠶᠣᠰᠣᠭᠠᠷ ᠣᠳᠣ ᠶᠢᠨ ᠬᠡᠷᠡᠭᠵᠢᠭᠦᠯᠵᠦ ᠪᠠᠶᠢᠭ᠎ᠠ ᠲᠤᠰᠬᠠᠶ ᠮᠡᠷᠭᠡᠵᠢᠯ ᠤᠨ ᠲᠤᠰᠢᠶᠠᠯ ᠤᠨ ᠴᠣᠯᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ᠠᠵᠢᠯ ᠲᠥᠷᠥᠯ ᠤᠨ ᠵᠢᠯᠣᠭᠤᠳᠬᠤ ᠰᠠᠨᠠᠯ ᠢ ᠦᠨᠳᠦᠰᠦᠯᠡᠨ ᠲᠤᠬᠳᠠᠭᠠᠨ᠎ᠠ᠃    2. ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢ 13 ᠳᠡᠰ ᠬᠤᠪᠢᠶᠠᠵᠤ᠂ ᠳᠡᠭᠡᠳᠦ ᠲᠡᠰ ᠤᠨ ᠠᠵᠢᠯ ᠤᠨ ᠪᠠᠶᠢᠷᠢ᠂ ᠳᠤᠮᠳᠠ ᠲᠡᠰ ᠤᠨ ᠠᠵᠢᠯ ᠤᠨ ᠪᠠᠶᠢᠷᠢ᠂ ᠠᠩᠬ᠎ᠠ ᠲᠡᠰ ᠤᠨ ᠠᠵᠢᠯ ᠤᠨ ᠪᠠᠶᠢᠷᠢ ᠶᠢ ᠪᠠᠭᠲᠠᠭᠠᠨ᠎ᠠ᠃ ᠳᠡᠭᠡᠳᠦ ᠲᠡᠰ ᠤᠨ ᠠᠵᠢᠯ ᠤᠨ ᠪᠠᠶᠢᠷᠢ ᠨᠢ 7  ᠳᠡᠰ᠂ ᠳᠠᠷᠤᠢ ᠨᠢᠭᠡ ᠠᠴᠠ ᠳᠤᠯᠤᠳᠤᠭᠠᠷ ᠳᠡᠰ ᠪᠤᠯᠤᠨ᠎ᠠ  ᠂ ᠡᠬᠦᠨ  ᠳᠤ ᠵᠢᠩᠬᠢᠨᠢ ᠳᠡᠭᠡᠳᠦ ᠲᠡᠰ ᠤᠨ ᠠᠵᠢᠯ ᠤᠨ ᠪᠠᠶᠢᠷᠢ ᠳᠤ ᠨᠢᠭᠡ ᠠᠴᠠ ᠳᠦᠷᠪᠡᠳᠦᠭᠡᠷ ᠳᠡᠰ ᠪᠠᠶᠢᠵᠤ᠂ ᠳᠡᠳ᠋ ᠦᠨᠳᠦᠷ ᠵᠡᠷᠭᠡ ᠶᠢᠨ ᠠᠵᠢᠯ ᠤᠨ ᠪᠠᠶᠢᠷᠢ ᠳᠤ ᠲᠠᠪᠤ ᠠᠴᠠ ᠳᠤᠯᠤᠳᠤᠭᠠᠷ ᠳᠡᠰ ᠪᠠᠭᠲᠠᠨ᠎ᠠ᠃ ᠲᠤᠮᠳᠠ ᠲᠡᠰ ᠤᠨ ᠠᠵᠢᠯ ᠤᠨ ᠪᠦᠷᠢ ᠶᠢ 3 ᠲᠡᠰ ᠬᠤᠪᠢᠶᠠᠨ᠂ 8 ᠠᠴᠠ10 ᠲᠡᠰ︔  ᠠᠩᠬ᠎ᠠ ᠲᠡᠰ ᠤᠨ ᠠᠵᠢᠯ ᠤᠨ ᠪᠠᠶᠢᠷᠢ ᠶᠢ 3 ᠲᠡᠰ ᠬᠤᠪᠢᠶᠠᠵᠥ᠂ 10 ᠠᠴᠠ 13 ᠲᠡᠰ ᠪᠤᠯᠤᠨ᠎ᠠ᠂ ᠡᠬᠦᠨ ᠳᠤ 13 ᠳ᠋ᠤᠭᠠᠷ ᠲᠡᠰ ᠨᠢ ᠬᠡᠰᠢᠬᠦᠨ ᠲᠡᠰ ᠤᠨ ᠠᠵᠢᠯ ᠤᠨ ᠪᠠᠶᠢᠷᠢ ᠪᠤᠯᠤᠨ᠎ᠠ᠃    3. ᠲᠤᠰᠬᠠᠶ ᠮᠡᠷᠭᠡᠵᠢᠯ ᠤᠨ ᠳᠡᠭᠡᠳᠦ ᠳᠡᠰ᠂ ᠳᠤᠮᠳᠠ  ᠲᠡᠰ  ᠂  ᠠᠩᠬ᠎ᠠ ᠲᠡᠰ ᠤᠨ ᠪᠠᠶᠢᠷᠢ ᠶᠢᠨ ᠬᠤᠭᠤᠷᠣᠨᠳᠣᠬᠢ ᠪᠦᠲᠦᠴᠡ ᠶᠢᠨ ᠬᠠᠷᠢᠴᠠᠯ ᠢ ᠬᠤᠲᠠ ᠶᠢᠨ ᠲᠤᠰ ᠱᠠᠲᠤᠨ ᠤ ᠶᠡᠷᠦᠩᠬᠡᠶ ᠬᠢᠵᠠᠭᠠᠷᠯᠠᠬᠤ ᠬᠠᠷᠠᠯᠲᠠ ᠨᠢ 2.5᠄ 4.5 : 3 ᠪᠠᠶᠢᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠶᠡᠷᠦᠩᠬᠡᠶ ᠬᠢᠵᠠᠭᠠᠷᠯᠠᠬᠤ ᠬᠠᠷᠠᠯᠲᠠ ᠨᠢ 1.8᠄ 4.2᠄ 4 ︵ᠡᠭᠦᠨ ᠳᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠤᠰᠤ ᠵᠡᠷᠭᠡ ᠮᠡᠳᠡᠯᠭᠡ ᠮᠡᠷᠭᠡᠵᠢᠯ ᠨᠢᠭᠲᠠᠷᠠᠭᠰᠠᠨ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠠᠷᠢᠴᠠᠩᠭᠤᠶ ᠲᠥᠪᠯᠡᠷᠡᠭᠰᠡᠨ ᠠᠵᠢᠯ ᠦᠢᠯᠡᠰ ᠤᠨ ᠨᠢᠭᠡᠴᠡ᠂ ᠳᠡᠭᠡᠳᠦ ᠲᠡᠰ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠬᠠᠮᠤᠭ ᠤᠨ ᠥᠨᠳᠥᠷ ᠲᠡᠭᠡᠨ 20% ᠶᠢ ᠳᠠᠪᠠᠭᠤᠯᠬᠤ ᠦᠭᠡᠶ ︶᠃    4. ᠲᠤᠰᠬᠠᠶ ᠮᠡᠷᠭᠡᠵᠢᠯ ᠤᠨ ᠳᠡᠭᠡᠳᠦ ᠲᠡᠰ ᠤᠨ ᠪᠠ ᠳᠤᠮᠳᠠ  ᠲᠡᠰ᠂ ᠠᠩᠬ᠎ᠠ ᠲᠡᠰ ᠤᠨ ᠠᠵᠢᠯ ᠤᠨ ᠪᠠᠶᠢᠷᠢ ᠶᠢᠨ ᠲᠤᠳᠤᠭᠠᠳᠤᠬᠢ ᠠᠳᠠᠯᠢ ᠪᠤᠰᠤ ᠲᠠᠰ ᠤᠨ ᠪᠦᠲᠦᠴᠡ ᠶᠢᠨ ᠬᠠᠷᠢᠴᠠᠯ ᠢ ᠳᠣᠤᠷᠠᠬᠢ ᠪᠠᠷᠢᠮᠵᠢᠶ᠎ᠠ  ᠪᠠᠷ ᠬᠢᠵᠠᠭᠠᠷᠯᠠᠨ᠎ᠠ  ᠄ ᠬᠤᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠲᠠᠰ ᠤᠨ ᠠᠵᠢᠯ ᠤᠨ ᠪᠠᠶᠢᠷᠢ ᠶᠢᠨ ᠬᠤᠭᠤᠷᠣᠨᠳᠣᠬᠢ ᠬᠠᠷᠢᠴᠠᠯ ᠨᠢ 1 : 3 : 6  ︔  ᠲᠠᠪᠤᠳᠤᠭᠠᠷ ᠳᠡᠰ᠂ ᠵᠢᠷᠭᠤᠳᠤᠭᠠᠷ ᠳᠡᠰ᠂ ᠳᠣᠯᠣᠳᠤᠭᠠᠷ ᠲᠠᠰ ᠤᠨ ᠠᠵᠢᠯ ᠤᠨ ᠪᠠᠶᠢᠷᠢ ᠶᠢᠨ ᠬᠤᠭᠤᠷᠣᠨᠳᠣᠬᠢ ᠬᠠᠷᠢᠴᠠᠯ ᠨᠢ 2 : 4 : 4᠂ ᠨᠠᠢᠮᠠ᠂ ᠠᠷᠪᠠᠳᠤᠭᠠᠷ ᠲᠠᠰ ᠤᠨ ᠠᠵᠢᠯ ᠤᠨ ᠪᠠᠶᠢᠷᠢ ᠶᠢᠨ ᠬᠤᠭᠤᠷᠣᠨᠳᠣᠬᠢ ᠬᠠᠷᠢᠴᠠᠯ ᠨᠢ 3 : 4 : 3᠂ ᠠᠷᠪᠠᠨ ᠨᠢᠭᠡᠳᠦᠭᠡᠷ ᠳᠡᠰ᠂ ᠠᠷᠪᠠᠨ ᠬᠤᠶᠠᠳᠤᠭᠠᠷ ᠲᠠᠰ ᠤᠨ ᠠᠵᠢᠯ ᠤᠨ ᠪᠠᠶᠢᠷᠢ ᠶᠢᠨ ᠬᠤᠭᠤᠷᠣᠨᠳᠣᠬᠢ ᠬᠠᠷᠢᠴᠠᠯ ᠨᠢ 5 : 5 ᠪᠤᠯᠤᠨ᠎ᠠ  ᠃ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠵᠢᠩᠬᠢᠨᠢ᠂ ᠳᠡᠳ᠋ ᠳᠡᠭᠡᠳᠦ  ᠲᠡᠰ  ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠵᠠᠷᠴᠢᠮ ᠳᠡᠭᠡᠷ᠎ᠡ ᠪᠠᠨ  ᠄  ᠬᠤᠲᠠ ᠶᠢᠨ ᠲᠤᠰ ᠱᠠᠳᠤᠨ  ᠳᠤ 1᠄ 3 ᠠᠴᠠ 1᠄ 4 ᠪᠣᠯᠲᠠᠯ᠎ᠠ ᠬᠢᠵᠠᠭᠠᠷᠯᠠᠵᠤ᠂ ᠬᠤᠰᠢᠭᠤ ᠰᠢᠶᠠᠨ ᠬᠤᠲᠠ ᠲᠣᠭᠤᠷᠢᠭ ᠳᠤ  1᠄ 5 ᠠᠴᠠ 1 ᠄ 6 ᠶᠢᠨ ᠬᠤᠭᠤᠷᠣᠨᠳᠣ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠶ ᠲᠣᠬᠢᠷᠠᠭᠤᠯᠤᠨ ᠡᠵᠡᠮᠳᠡᠨ᠎ᠡ᠃    5. ᠠᠵᠢᠯ ᠦᠢᠯᠡᠰ ᠤᠨ ᠨᠢᠭᠡᠴᠡ ᠨᠦᠭᠦᠳ ᠡᠭᠦᠷᠭᠡᠯᠡᠵᠦ ᠪᠦᠬᠦᠢ ᠨᠡᠶᠢᠭᠡᠮ ᠤᠨ ᠴᠢᠳᠠᠮᠵᠢ᠂ ᠡᠭᠦᠷᠭᠡ ᠬᠠᠷᠢᠭᠤᠴᠠᠯᠭ᠎ᠠ ᠪᠠ ᠲᠤᠰᠬᠠᠶ ᠮᠡᠷᠭᠡᠵᠢᠯ ᠤᠨ ᠠᠵᠢᠯ ᠤᠨ ᠣᠨᠴᠠᠯᠢᠭ ᠵᠡᠷᠭᠡ ᠬᠦᠴᠦᠨ ᠵᠦᠢᠯ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰᠬᠠᠶ ᠮᠡᠷᠭᠡᠵᠢᠯ ᠤᠨ ᠭᠤᠤᠯ ᠪᠠ ᠲᠤᠰᠠᠯᠠᠬᠤ ᠰᠢᠰᠲ᠋ᠧᠮ ᠤᠨ ᠠᠵᠢᠯ ᠤᠨ ᠪᠠᠶᠢᠷᠢ ᠶᠢ ᠪᠡᠶ᠎ᠡ ᠪᠠᠨ ᠳᠠᠭᠠᠭᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠤᠬᠳᠠᠭᠠᠨ᠎ᠠ  ᠃    6. ︽ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ︾ ᠶᠢ ᠬᠡᠷᠡᠭᠵᠢᠭᠦᠯᠦᠭᠰᠡᠨ ᠬᠤᠰᠢᠭᠤ ᠰᠢᠶᠠᠨ ᠬᠤᠲᠠ ᠲᠣᠭᠤᠷᠢᠭ ᠵᠢᠴᠢ ᠲᠡᠭᠦᠨ ᠠᠴᠠ ᠳᠣᠷᠣᠭᠰᠢᠬᠢ ᠠᠵᠢᠯ ᠦᠢᠯᠡᠰ ᠤᠨ ᠨᠢᠭᠡᠴᠡ ᠳᠤ᠂ ᠲᠤᠰᠬᠠᠶ ᠮᠡᠷᠭᠡᠵᠢᠯ ᠤᠨ ᠳᠡᠭᠡᠳᠦ ᠲᠡᠰ ᠤᠨ ᠠᠵᠢᠯ ᠤᠨ ᠪᠠᠶᠢᠷᠢ ᠶᠢ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠶᠢᠨ 10% ᠶᠢᠨ ᠳᠣᠲᠣᠷ᠎ᠠ ᠬᠢᠵᠠᠭᠠᠷᠯᠠᠵᠥ᠂ ᠠᠰ ᠲᠤᠨᠢ ᠵᠢᠭᠰᠠᠭᠠᠵᠤ᠂ ᠠᠰ ᠲᠤ ᠨᠢ ᠬᠡᠷᠡᠭᠯᠡᠵᠦ᠂ ᠲᠤᠰᠬᠠᠶ ᠮᠡᠷᠭᠡᠵᠢᠯ ᠤᠨ ᠳᠡᠭᠡᠳᠦ ᠲᠡᠰ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠡᠵᠡᠯᠡᠬᠦ ᠥᠬᠡᠶ᠃ ︽ᠬᠠᠨᠳᠤᠯᠭ᠎ᠠ ᠲᠠᠢ ᠦᠨᠡᠯᠡᠬᠦ᠂ ᠬᠠᠨᠳᠤᠯᠭ᠎ᠠ ᠲᠠᠢ ᠬᠡᠷᠡᠭᠯᠡᠬᠦ︾ ᠲᠤᠰᠬᠠᠶ ᠮᠡᠷᠭᠡᠵᠢᠯ ᠤᠨ ᠳᠡᠭᠡᠳᠦ ᠲᠡᠰ ᠤᠨ ᠠᠵᠢᠯ ᠤᠨ ᠪᠠᠶᠢᠷᠢ ᠶᠢ ᠭᠤᠤᠯᠳᠠᠭᠤ ᠬᠤᠰᠢᠭᠤ ᠰᠢᠶᠠᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠤᠯᠠᠭᠠᠨᠮᠥ᠋ᠴᠢᠷ᠂ ᠰᠣᠶᠣᠯ ᠪᠣᠯᠪᠠᠰᠤᠷᠠᠯ ᠵᠡᠷᠭᠡ ᠠᠵᠢᠯ ᠤᠨ ᠪᠠᠶᠢᠷᠢ ᠳᠤ ᠠᠵᠢᠯᠯᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ  ᠳᠤ ᠬᠡᠷᠡᠭᠯᠡᠨ᠎ᠡ᠃    ᠬᠥᠲᠥᠯᠥᠭᠴᠢ᠄ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠦᠨᠳᠦᠰᠦᠨ ᠨᠥᠬᠦᠴᠡᠯ ᠨᠢ ᠪᠤᠢ︖ ᠫᠦ᠋ ᠱᠤ᠋ ᠵᠢᠶᠦ᠋ᠨ  ᠄      1. ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠦᠨᠳᠦᠰᠦᠨ ᠨᠥᠬᠦᠴᠡᠯ ᠢ ᠣᠳᠣ ᠶᠢᠨ ᠬᠡᠷᠡᠭᠵᠢᠭᠦᠯᠵᠦ ᠪᠠᠶᠢᠭ᠎ᠠ ᠲᠤᠰᠬᠠᠶ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    2. ᠡᠷᠬᠢᠯᠡᠭᠰᠡᠨ ᠠᠵᠢᠯ ᠤᠨ ᠬᠢᠷᠢ ᠭᠡᠮ ᠢᠶᠠᠷ ᠬᠢᠵᠠᠭᠠᠷᠯᠬᠠᠰᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠤᠭᠤᠯᠬᠤ ᠶᠢ ᠵᠦᠪᠰᠢᠶᠡᠷᠡᠬᠦ ᠦᠨᠳᠦᠰᠦᠨ ᠨᠦᠬᠦᠴᠡᠯ ᠪᠤᠯᠭᠠᠬᠤ ᠶᠢ ᠭᠡᠷᠡᠭᠵᠢᠬᠦᠯᠵᠥ᠂ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠱᠠᠭᠠᠷᠳᠠᠯᠭ᠎ᠠ ᠶᠢ ᠪᠠᠭᠳᠠᠭᠠᠨ᠎ᠠ᠃    3᠂ ᠲᠤᠰᠬᠠᠶ ᠮᠡᠷᠭᠡᠵᠢᠯ ᠤᠨ ᠨᠢᠭᠡᠳᠦᠭᠡᠷ ᠳᠡᠰ᠂ ᠬᠤᠶᠠᠳᠤᠭᠠᠷ ᠲᠠᠰ ᠤᠨ ᠠᠵᠢᠯ ᠤᠨ ᠪᠠᠶᠢᠷᠢ ᠳᠤ ᠡᠷᠬᠡᠪᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠨᠥᠬᠦᠴᠡᠯ ᠢ ᠬᠠᠩᠭᠠᠬᠤ ᠬᠡᠷᠡᠭᠲᠡᠶ᠂ ᠲᠤᠰ ᠲᠤᠰ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠢᠨᠠᠨ ᠵᠥᠪᠰᠢᠶᠡᠷᠡᠬᠦ ᠬᠡᠷᠡᠭᠲᠡᠶ᠃    4. ᠲᠤᠰᠬᠠᠶ ᠮᠡᠷᠭᠡᠵᠢᠯ ᠤᠨ ᠠᠩᠬ᠎ᠠ ᠲᠡᠰ᠂ ᠳᠤᠮᠳᠠ ᠲᠡᠰ᠂ ᠳᠡᠳ᠋ ᠳᠡᠭᠡᠳᠦ ᠳᠡᠰ᠂ ᠵᠢᠩᠬᠢᠨᠢ ᠳᠡᠭᠡᠳᠦ ᠲᠡᠰ  ᠤᠨ ᠠᠵᠢᠯ ᠤᠨ ᠪᠠᠶᠢᠷᠢ ᠶᠢᠨ ᠳᠣᠲᠣᠷᠠᠬᠢ ᠠᠳᠠᠯᠢ ᠪᠤᠰᠤ ᠲᠠᠰ ᠤᠨ ᠠᠵᠢᠯ ᠤᠨ ᠪᠠᠶᠢᠷᠢ ᠶᠢᠨ ᠬᠦᠮᠦᠰ ᠡᠷᠬᠡᠪᠰᠢ ᠵᠤᠬᠢᠴᠠᠯᠳᠤᠬᠰᠠᠨ ᠳᠣᠤᠷ᠎ᠠ ᠨᠢᠭᠡ ᠲᠠᠰ ᠤᠨ ᠠᠵᠢᠯ ᠤᠨ ᠪᠠᠶᠢᠷᠢ ᠳᠤ ᠪᠦᠬᠦᠯᠢ 2 ᠵᠢᠯ ᠠᠴᠠ ᠳᠡᠭᠡᠭᠰᠢ ᠠᠵᠢᠯᠯᠠᠬᠰᠠᠨ ᠪᠠᠶᠢᠬᠤ ᠬᠡᠷᠡᠭᠲᠡᠶ᠃    5. ᠲᠤᠰᠬᠠᠶ ᠮᠡᠷᠭᠡᠵᠢᠯ ᠤᠨ ᠳᠡᠭᠡᠳᠦ ᠲᠡᠰ᠂ ᠳᠤᠮᠳᠠ ᠲᠡᠰ ‍ᠤᠨ‌ᠠᠵᠢᠯ ᠤᠨ ᠪᠠᠶᠢᠷᠢ ᠳᠤ ᠠᠩᠬ᠎ᠠ ᠤᠳᠠᠭ᠎ᠠ ᠤᠷᠢᠵᠤ ᠬᠡᠷᠡᠭᠯᠡᠭᠰᠡᠨ ᠪᠣᠯ ᠡᠩ ᠤᠨ ᠪᠠᠶᠢᠳᠠᠯ ᠳᠤ ᠵᠤᠬᠢᠴᠠᠯᠳᠤᠬᠰᠠᠨ ᠠᠵᠢᠯ ᠤᠨ ᠪᠠᠶᠢᠷᠢ ᠶᠢᠨ ᠬᠠᠮᠤᠭ ᠤᠨ ᠳᠣᠤᠷ᠎ᠠ ᠳᠡᠰ ᠲᠤ ᠬᠦᠷᠲᠡᠯ᠎ᠡ ᠤᠷᠢᠨ ᠬᠡᠷᠡᠭᠯᠡᠬᠦ ᠬᠡᠷᠡᠭᠲᠡᠶ᠃ ᠳᠡᠭᠡᠳᠦ ᠨᠢᠭᠡ ᠲᠠᠰ ᠤᠨ ᠲᠤᠰᠬᠠᠶ ᠮᠡᠷᠭᠡᠵᠢᠯ ᠤᠨ ᠴᠣᠯᠠ ᠲᠠᠢ ᠬᠥᠮᠦᠰ᠂ ᠨᠢᠭᠡᠴᠡ ᠶᠢᠨ ᠠᠵᠢᠯ ᠤᠨ ᠪᠠᠶᠢᠷᠢ ᠨᠢ ᠬᠦᠷᠦᠯᠴᠡᠬᠦ ᠦᠬᠡᠢ ᠳᠣᠤᠷ᠎ᠠ ᠲᠡᠰ ᠳᠤ ᠤᠷᠢᠨ ᠬᠡᠷᠡᠭᠯᠡᠭᠰᠡᠨ ᠪᠤᠯ᠂ ᠠᠵᠢᠯ ᠤᠨ ᠪᠠᠶᠢᠷᠢ ᠶᠢᠨ ᠬᠤᠭᠤᠰᠣᠨ ᠪᠠᠶᠢᠳᠠᠯ ᠪᠠ ᠠᠵᠢᠯ ᠤᠨ ᠬᠡᠷᠡᠭᠴᠡᠭᠡ ᠪᠠᠨ ᠦᠵᠡᠵᠦ ᠪᠠᠶᠢᠭᠠᠳ ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠳᠡᠰ ᠢᠶᠠᠨ ᠲᠤᠬᠳᠠᠭᠠᠭᠰᠠᠨ ᠢᠶᠠᠷ ᠦᠵᠡᠵᠥ ᠪᠤᠯᠤᠨ᠎ᠠ᠃     ᠬᠦᠳᠦᠯᠦᠭᠴᠢ᠄  ᠵᠢᠯ ᠪᠦᠷᠢ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠮᠡᠳᠡᠭᠦᠯᠬᠦ ᠠᠵᠢᠯ ᠢ ᠬᠡᠵᠢᠶ᠎ᠡ ᠡᠬᠢᠯᠡᠵᠦ ᠬᠢᠬᠦ ᠪᠣᠶ︖ ᠫᠦ᠋ ᠱᠤ᠋ ᠵᠢᠶᠦ᠋ᠨ:    ᠮᠠᠨ ᠤ ᠬᠤᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠨᠢ ᠶᠡᠷᠦ ᠳᠡᠭᠡᠨ ᠵᠢᠯ ᠪᠦᠷᠢ ᠶᠢᠨ 5 - 6 ᠰᠠᠷ᠎ᠠ ᠠᠴᠠ ᠡᠬᠢᠯᠡᠵᠦ ᠶᠠᠪᠤᠭᠳᠠᠨ᠎ᠠ᠃ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠬᠦᠳᠡᠨ ᠰᠦᠯᠵᠢᠶ᠎ᠡ ᠳᠤ ᠭᠠᠷᠴᠤ᠂ ᠲᠣᠰ ᠵᠢᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠪᠠᠶᠢᠴᠠᠭᠠᠨ ᠯᠠᠪᠯᠠᠵᠤ ᠪᠣᠯᠤᠨ᠎ᠠ᠃ ᠬᠥᠲᠥᠯᠦᠭᠴᠢ᠄    ᠮᠠᠨ ᠤ ᠬᠤᠲᠠ ᠶᠢᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠬᠡᠪᠴᠢᠶᠡᠨ ᠳᠤ ᠶᠠᠮᠠᠷ ᠶᠠᠮᠠᠷ ᠬᠦᠮᠦᠰ ᠪᠠᠭᠳᠠᠬᠤ ᠪᠤᠢ  ︖ ᠫᠦ᠋ ᠱᠤ᠋ ᠵᠢᠶᠦ᠋ᠨ  ᠄    1. ᠮᠠᠨ ᠤ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠤᠰᠬᠠᠶ ᠮᠡᠷᠭᠡᠵᠢᠯ ᠤᠨ ᠠᠵᠢᠯ ᠬᠢᠵᠦ᠂ ᠬᠥᠮᠦᠨ ᠬᠡᠷᠡᠭᠯᠡᠬᠦ ᠨᠢᠭᠡᠴᠡ ᠲᠠᠢ ᠬᠥᠳᠡᠯᠮᠦᠷᠢ ︵ᠤᠷᠢᠵᠤ ᠬᠡᠷᠡᠭᠯᠡᠬᠦ︶ ᠶᠢᠨ ᠭᠡᠷ᠎ᠡ ᠲᠤᠬᠳᠠᠭᠰᠠᠨ ︵ᠬᠥᠳᠡᠯᠮᠦᠷᠢ ᠶᠢᠨ ᠬᠠᠷᠢᠴᠠᠭ᠎ᠠ ᠪᠠᠶᠢᠭᠤᠯᠪᠠ︶ ᠲᠤᠰᠬᠠᠶ ᠮᠡᠷᠭᠡᠵᠢᠯ ᠤᠨ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ ᠤᠨ ᠠᠵᠢᠯ ᠬᠢᠵᠦ ᠪᠠᠶᠢᠭ᠎ᠠ ᠴᠢᠯᠥᠭᠡᠲᠦ ᠠᠵᠢᠯᠲᠠᠨ  ᠃    2. ᠮᠠᠨ ᠤ ᠬᠤᠲᠠ ᠳᠤ ᠠᠵᠢᠯ ᠣᠯᠤᠭᠰᠠᠨ ᠰᠢᠶᠠᠩᠭᠠᠩ ᠣᠣᠮᠧᠨ ᠲᠠᠶᠢᠸᠠᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠵᠢᠴᠢ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠦᠨᠡᠮᠯᠡᠯ ᠲᠠᠢ ᠭᠠᠳᠠᠭᠠᠳᠤ ᠶᠢᠨ ᠬᠦᠮᠦᠨ᠂ ᠡᠭᠦᠷᠢᠳᠡ ᠶᠢᠨ ᠣᠷᠣᠰᠢᠨ ᠰᠠᠭᠤᠬᠤ ᠦᠨᠡᠮᠯᠡᠯ ᠲᠠᠢ ᠭᠠᠳᠠᠭᠠᠳᠤ ᠶᠢᠨ ᠬᠦᠮᠦᠨ ᠪᠤᠶᠤ ᠡᠯ᠎ᠡ ᠭᠠᠵᠠᠷ  ᠠᠴᠠ ᠣᠯᠭᠤᠭᠰᠠᠨ ᠬᠠᠷᠢ ᠶᠢᠨ ᠳᠡᠭᠡᠳᠦ ᠲᠠᠰ ᠤᠨ ᠴᠢᠳᠠᠪᠤᠷᠢᠲᠠᠨ ᠤ ᠣᠷᠣᠰᠢᠨ ᠰᠠᠭᠤᠬᠤ ᠦᠨᠡᠮᠯᠡᠯ ᠲᠠᠢ ᠭᠠᠳᠠᠭᠠᠳᠤ ᠶᠢᠨ ᠬᠥᠮᠦᠨ᠃    3. ᠬᠢᠨᠠᠨ ᠲᠣᠭᠲᠠᠭᠠᠯᠭᠠᠬᠤ ᠪᠠᠷ ᠮᠡᠳᠡᠭᠦᠯᠬᠦ ᠨᠥᠬᠦᠴᠡᠯ ᠳᠤ ᠨᠡᠶᠢᠴᠡᠬᠦ ᠳᠡᠭᠡᠳᠦ ᠮᠡᠷᠭᠡᠰᠢᠯᠳᠦ ᠴᠢᠳᠠᠪᠤᠷᠢᠲᠠᠨ᠃   4᠂ ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠳᠤ ᠵᠢᠭᠰᠠᠭᠠᠨ ᠣᠷᠣᠭᠤᠯᠤᠭᠰᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠᠭᠲᠠᠨ᠎ᠠ︶᠂ ᠠᠵᠢᠯ ᠠᠴᠠ ᠪᠠᠨ ᠠᠮᠠᠷᠠᠭᠰᠠᠳ ᠮᠡᠷᠭᠡᠵᠢᠯ ᠤᠨ ᠴᠤᠯᠠ ᠬᠢᠨᠠᠨ ᠲᠣᠭᠲᠠᠭᠠᠬᠤ ᠶᠢ ᠭᠤᠶᠤᠴᠢᠯᠠᠬᠤ ᠪᠤᠶᠤ   ᠬᠢᠨᠠᠨ ᠰᠢᠯᠭᠠᠵᠤ  ᠲᠤᠬᠳᠠᠭᠠᠬᠤ ᠳᠤ ᠤᠷᠤᠯᠴᠠᠵᠥ ᠪᠤᠯᠬᠤ ᠦᠬᠡᠢ ᠃      ᠬᠦᠳᠦᠯᠦᠭᠴᠢ᠄    ᠬᠢᠨᠠᠨ ᠲᠣᠭᠲᠠᠭᠠᠬᠤ ᠨᠥᠬᠦᠴᠡᠯ ᠨᠢ ᠬᠡᠷᠬᠢᠨ ᠬᠠᠶᠢᠨ ᠯᠠᠪᠯᠠᠬᠤ ᠪᠤᠢ︖    ᠬᠦᠨᠳᠦᠲᠦ ᠵᠣᠴᠢᠳ ᠸᠠᠨ ᠫᠦ᠋ ᠱᠤ᠋ ᠵᠢᠶᠦ᠋ᠨ 2023 - 08-1015᠄ 57    2022 ᠣᠨ ᠳᠤ ᠬᠡᠪᠯᠡᠯ᠂ ᠨᠢᠭᠲᠠᠯᠠᠨ ᠪᠤᠳᠤᠭᠴᠢ᠂ ᠠᠵᠤ ᠠᠬᠤᠢ᠂ ᠳᠠᠩᠰᠠ ᠡᠪᠬᠡᠮᠡᠯ᠂ ᠲᠠᠷᠢᠶᠠᠯᠠᠩ ᠮᠠᠯ ᠠᠵᠤ ᠠᠬᠤᠢ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ᠂ ᠢᠨᠵᠧᠨᠧᠷᠢᠩ ᠤᠨ ᠡᠯᠧᠺᠳ᠋ᠷᠣᠨ᠂ ᠢᠨᠵᠧᠨᠧᠷᠢᠩ ᠤᠨ ᠬᠥᠩᠭᠡᠨ ᠠᠵᠤ ᠦᠢᠯᠡᠳᠪᠦᠷᠢ᠂ ᠢᠨᠵᠧᠨᠧᠷᠢᠩ ᠤᠨ ᠲᠦᠷᠭᠡᠨ ᠬᠦᠷᠭᠡᠯᠲᠡ᠂ ᠨᠡᠶᠢᠭᠡᠮ ᠤᠨ ᠠᠵᠢᠯᠯᠠᠭᠴᠢ᠂ ᠳᠡᠭᠡᠳᠦ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ 15 ᠰᠢᠷᠢᠰ ︵ᠲᠤᠰᠬᠠᠢ ᠮᠡᠷᠭᠡᠵᠢᠯ︶ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠨᠥᠬᠦᠴᠡᠯ ᠢ ᠬᠡᠷᠡᠭᠵᠢᠭᠦᠯᠵᠦ᠂ ᠪᠤᠰᠤᠳ ᠰᠢᠷᠢᠰ ︵ᠲᠤᠰᠬᠠᠢ ᠮᠡᠷᠭᠡᠵᠢᠯ︶ 2017 ᠣᠨ ᠳᠤ ᠵᠠᠰᠠᠪᠤᠷᠢ ᠣᠷᠣᠭᠤᠯᠤᠭᠰᠠᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠨᠥᠬᠦᠴᠡᠯ ᠢ ᠦᠷᠭᠦᠯᠵᠢᠯᠡᠨ ᠬᠡᠷᠡᠭᠵᠢᠭᠦᠯᠦᠨ᠎ᠡ᠃ ᠭᠤᠶᠤᠴᠢᠯᠠᠭᠴᠢ ︽ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠰᠦᠯᠵᠢᠶ᠎ᠡ︾ ︵http://rsj.tongliao.gov.cn/︶ ᠲᠤ ᠣᠷᠣᠵᠤ ᠡᠯ᠎ᠡ ᠰᠢᠷᠢᠰ ᠬᠢᠨᠠᠨ ᠲᠣᠭᠲᠠᠭᠠᠬᠤ ᠨᠥᠬᠦᠴᠡᠯ ᠢ ᠪᠠᠶᠢᠴᠠᠭᠠᠨ ᠯᠠᠪᠯᠠᠵᠤ ᠪᠣᠯᠤᠨ᠎ᠠ᠃    ᠬᠥᠲᠥᠯᠦᠭᠴᠢ ᠬᠥᠲᠥᠯᠦᠭᠴᠢ 2023 - 08-1015᠄ 57    ᠲᠤᠰᠬᠠᠢ ᠮᠡᠷᠭᠡᠵᠢᠯ ᠤᠨ ᠠᠵᠢᠯᠲᠠᠨ ᠬᠠᠤᠯᠢ ᠪᠤᠰᠤ ᠪᠠᠷ ᠲᠤᠰᠢᠶᠠᠯ ᠤᠨ ᠴᠣᠯᠠ ᠭᠤᠶᠤᠴᠢᠯᠠᠬᠤ ᠨᠥᠬᠦᠴᠡᠯ ᠨᠢ ᠬᠡᠳᠦᠨ ᠵᠦᠢᠯ ᠪᠠᠶᠢᠨ᠎ᠠ︖    ᠬᠦᠨᠳᠦᠲᠦ ᠵᠣᠴᠢᠳ ᠸᠠᠨ ᠫᠦ᠋ ᠱᠤ᠋ ᠵᠢᠶᠦ᠋ᠨ 2023-08-1015᠄ 58    ᠭᠤᠶᠤᠴᠢᠯᠠᠨ ᠮᠡᠳᠡᠭᠦᠯᠦᠭᠴᠢ ᠨᠢ ᠮᠡᠷᠭᠡᠵᠢᠯ ᠤᠨ ᠴᠣᠯᠠ ᠶᠢᠨ ᠳᠡᠰ ᠳᠠᠪᠬᠤᠷᠭ᠎ᠠ ᠶᠣᠰᠣᠭᠠᠷ ᠱᠠᠲᠤ ᠳᠠᠷᠠᠭᠠᠯᠠᠨ ᠮᠡᠷᠭᠡᠵᠢᠯ ᠤᠨ ᠴᠣᠯᠠ ᠶᠢ ᠭᠤᠶᠤᠴᠢᠯᠠᠨ ᠮᠡᠳᠡᠭᠦᠯᠬᠦ ᠬᠡᠷᠡᠭᠲᠡᠢ᠃ ᠳᠣᠤᠷᠠᠬᠢ ᠨᠥᠬᠦᠴᠡᠯ ᠤᠨ ᠨᠢᠭᠡ ᠳᠤᠨᠢ ᠨᠡᠶᠢᠴᠡᠬᠦ ᠬᠥᠮᠦᠰ ᠲᠣᠭᠲᠠᠭᠠᠯ ᠶᠣᠰᠣᠭᠠᠷ ᠵᠣᠬᠢᠴᠠᠩᠭᠤᠶ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠤᠨ᠎ᠠ᠃    1. ᠴᠢᠬᠤᠯᠠ ᠶᠡᠭᠡ ᠰᠠᠭᠤᠷᠢ ᠰᠤᠳᠤᠯᠤᠯ ᠪᠠ ᠬᠤᠰᠢᠭᠤᠷᠠᠯ ᠮᠡᠷᠭᠡᠵᠢᠯ ᠤᠨ ᠰᠢᠪᠲᠤᠯᠤᠯᠲᠠ ᠲᠠᠢ ᠪᠤᠯᠭᠠᠬᠤ᠂ ᠴᠢᠬᠤᠯᠠ ᠶᠡᠭᠡ ᠢᠨᠵᠧᠨᠧᠷᠢᠩ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠨᠢᠯᠴᠠᠭᠤᠯᠬᠤ ︵ᠬᠠᠮᠢᠶ᠎ᠠ ᠪᠦᠬᠦᠢ ᠠᠵᠢᠯ ᠤᠨ ᠠᠮᠵᠢᠯᠲᠠ ᠪᠦᠲᠦᠮᠵᠢ᠂ ᠬᠤᠪᠢ ᠨᠡᠮᠡᠷᠢ ᠪᠠ ᠦᠷ᠎ᠡ ᠪᠦᠲᠦᠭᠡᠯ ᠤᠨ ᠬᠢᠨᠠᠨ ᠲᠣᠭᠲᠠᠭᠠᠭᠰᠠᠨ ᠮᠠᠲ᠋ᠧᠷᠢᠶᠠᠯ ᠢ ᠬᠠᠩᠭᠠᠬᠤ ᠴᠢᠬᠤᠯᠠᠲᠠᠢ︶ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠣᠬᠢᠴᠠᠩᠭᠤᠢ ᠳᠡᠭᠡᠳᠦ ᠵᠡᠷᠭᠡ ᠶᠢᠨ ᠬᠢᠨᠠᠨ ᠲᠣᠭᠲᠠᠭᠠᠬᠤ ᠺᠣᠮᠢᠰ ᠠᠴᠠ ᠵᠣᠬᠢᠶᠠᠨ ᠪᠠᠶᠢᠭᠤᠯᠤᠨ ᠰᠢᠯᠭᠠᠷᠠᠭᠤᠯᠵᠤ ᠪᠣᠯᠣᠨ᠎ᠠ᠃    2. ᠥᠪᠡᠷᠲᠡᠭᠡᠨ ᠵᠠᠰᠠᠬᠤ ᠣᠷᠣᠨ ᠠᠴᠠ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠪᠠᠶᠢᠭ᠎ᠠ ᠨᠢᠭᠡᠴᠡ ᠪᠠᠷ ᠳᠡᠮᠵᠢᠨ ᠭᠤᠶᠤᠴᠢᠯᠠᠨ ᠮᠡᠳᠡᠭᠦᠯᠬᠦ ᠨᠥᠬᠦᠴᠡᠯ ᠵᠢᠴᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠢᠷᠢ ᠬᠡᠮ᠂ ᠵᠢᠯ ᠬᠤᠭᠤᠴᠠᠭ᠎ᠠ ᠵᠡᠷᠭᠡ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠵᠣᠬᠢᠴᠠᠩᠭᠤᠶ ᠮᠡᠷᠭᠡᠵᠢᠯ ᠤᠨ ᠴᠣᠯᠠ ᠶᠢ ᠱᠠᠲᠤ ᠠᠯᠤᠰᠯᠠᠨ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠠᠭᠠᠳ ᠥᠬᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠬᠡᠷᠡᠭᠯᠡᠨ᠂ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠴᠢᠳᠠᠪᠤᠷᠢᠲᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠯᠭᠠᠷᠠᠭᠤᠯᠤᠨ᠎ᠠ᠃    3. ᠪᠥᠬᠦ ᠤᠯᠤᠰ ᠤᠨ ᠰᠢᠯᠭᠠᠷᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠣᠷᠳᠣᠨ ᠤ ᠣᠨᠴᠠ ᠨᠡᠮᠡᠬᠦᠷᠢ  ᠵᠤᠭᠤᠰ ᠢ ᠬᠦᠷᠲᠡᠭᠰᠡᠳ᠂ ᠤᠯᠤᠰ ᠤᠨ ᠵᠠᠭᠤ  ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ ᠤᠨ ᠵᠢᠱᠢᠭᠳᠡᠭᠴᠢ᠂ ᠤᠯᠤᠰ ᠤᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ᠂ ᠤᠯᠤᠰ ᠤᠨ ᠪᠤᠰᠤᠳ ᠴᠢᠳᠠᠪᠤᠷᠢᠳᠠᠨ ᠤ ᠲᠦᠯᠦᠪᠯᠡᠭᠡ ᠳᠤ ᠵᠢᠱᠢᠭᠳᠡᠭᠴᠢ᠂ ᠦᠪᠡᠷᠳᠡᠭᠡᠨ ᠵᠠᠰᠠᠬᠤ ᠤᠷᠤᠨ ᠤ ᠰᠢᠯᠭᠠᠷᠬᠠᠰᠠᠨ ᠴᠢᠳᠠᠪᠤᠷᠢᠳᠠᠨ ᠤ ᠱᠠᠩᠨᠠᠯ ᠬᠦᠷᠳᠡᠭᠴᠢ᠂  ᠦᠪᠡᠷᠳᠡᠭᠡᠨ ᠵᠠᠰᠠᠬᠤ ᠤᠷᠤᠨ ᠤ ᠲᠤᠪᠤᠶᠢᠮ᠎ᠠ ᠬᠤᠪᠢ ᠨᠡᠮᠡᠬᠦᠷᠢ ᠦᠵᠡᠬᠦᠯᠦᠭᠰᠡᠨ ᠲᠤᠰᠬᠠᠢ ᠮᠡᠷᠭᠡᠵᠢᠯᠳᠡᠨ ︵ᠣᠤᠯ ᠤᠨ ᠦᠪᠡᠷᠳᠡᠭᠡᠨ ᠵᠠᠰᠠᠬᠤ ᠤᠷᠤᠨ ᠤ ᠠᠵᠥ ᠦᠢᠯᠡᠳᠪᠦᠷᠢ ᠲᠠᠷᠢᠶᠠᠯᠠᠩ ᠮᠠᠯ ᠠᠵᠥ ᠦᠢᠯᠡᠰ ᠤᠨ ᠦᠢᠯᠡᠳᠪᠦᠷᠢᠯᠡᠯ ᠤᠨ ᠡᠮᠦᠨ᠎ᠡ ᠹᠧᠷᠤᠨᠲ ᠳᠤ ᠲᠤᠪᠤᠶᠢᠮ᠎ᠠ ᠬᠤᠪᠢ ᠨᠡᠮᠡᠬᠦᠷᠢ ᠦᠵᠡᠬᠦᠯᠦᠭᠰᠡᠨ ᠰᠢᠨᠵᠢᠯᠡᠬᠦ ᠮᠡᠷᠭᠡᠵᠢᠯ ᠤᠨ ᠬᠦᠮᠦᠰ ᠪᠬᠠᠳᠠᠨ᠎ᠠ︶᠂ ᠦᠪᠡᠷᠳᠡᠭᠡᠨ ᠵᠠᠰᠠᠬᠤ ᠤᠷᠤᠨ ᠤ ᠲᠠᠯ᠎ᠠ ᠨᠤᠳᠤᠭ ᠤᠨ ᠴᠢᠳᠠᠪᠤᠷᠢᠳᠠᠨ ᠤ ᠢᠨᠵᠧᠨᠧᠷᠢᠩ ᠢᠶᠠᠷ ᠲᠠᠳᠠᠨ ᠠᠪᠴᠢᠷᠠᠭᠰᠠᠨ ᠰᠢᠯᠢᠭᠳᠡᠭᠴᠢ᠂  ᠦᠪᠡᠷᠳᠡᠬᠡᠨ ᠵᠠᠰᠠᠬᠤ ᠤᠷᠤᠨ ᠤ ︵ᠰᠢᠨ᠎ᠡ ᠡᠷᠡᠨ ᠤ 321 ᠴᠢᠳᠠᠪᠤᠷᠢᠳᠠᠨ ᠤ ᠢᠨᠵᠧᠨ᠋ᠧᠷᠢᠩ︶  ᠤᠨ ᠨᠢᠭᠡᠳᠦᠭᠡᠷ ᠲᠠᠪᠬᠤᠷᠭ᠎ᠠ ᠶᠢᠨ ᠰᠢᠯᠢᠳᠡᠭᠴᠢ᠂ ᠰᠢᠨᠵᠢᠯᠡᠬᠦ ᠮᠡᠷᠭᠡᠵᠢᠯ ᠤᠨ ᠦᠷ᠎ᠡ ᠪᠦᠳᠦᠭᠡᠯ ᠤᠨ ᠤᠯᠤᠰ ᠤᠨ ᠲᠡᠰ ᠤᠨ ᠱᠠᠩᠨᠠᠯ ᠬᠦᠷᠳᠡᠭᠴᠢ ᠶᠢᠨ ᠲᠤᠭᠠᠨ ᠳᠠᠬᠢ ᠱᠠᠩᠨᠠᠯ ᠬᠦᠷᠳᠡᠭᠴᠢ᠂  ᠡᠰᠡᠬᠦᠯ᠎ᠡ ᠰᠢᠨᠵᠢᠯᠡᠬᠦ ᠮᠡᠷᠭᠡᠵᠢᠯ ᠤᠨ ᠦᠷ᠎ᠡ ᠪᠦᠳᠦᠭᠡᠯ ᠤᠨ ᠦᠪᠡᠷᠳᠡᠭᠡᠨ ᠵᠠᠰᠠᠬᠤ ᠤᠷᠤᠨ ᠤ ︵ᠮᠤᠵᠢ ᠶᠠᠮᠤᠨ︶ ᠤᠨ ᠲᠡᠰ ᠤᠨ ᠨᠢᠭᠡᠳᠦᠭᠡᠷ ᠲᠡᠰ ᠤᠨ ᠱᠠᠩᠨᠠᠯ ᠬᠦᠷᠳᠡᠭᠴᠢ ᠰᠢᠭᠤᠳ ᠵᠢᠩᠬᠢᠨᠢ ᠲᠡᠭᠡᠳᠦ ᠲᠡᠰ ᠤᠨ ᠮᠡᠷᠭᠡᠵᠢᠯ ᠤᠨ ᠴᠤᠯᠠ ᠭᠤᠶᠤᠴᠢᠯᠠᠵᠥ ᠪᠤᠯᠤᠨ᠎ᠠ᠂  ᠬᠠᠮᠢᠶ᠎ᠠ ᠪᠦᠬᠦᠢ ᠬᠢᠨᠠᠨ ᠰᠢᠯᠠᠭᠠᠷᠭᠤᠯᠬᠤ ᠵᠦᠪᠯᠡᠯ᠂ ᠠᠵᠢᠯ ᠤᠨ ᠦᠷ᠎ᠡ ᠪᠦᠳᠦᠮᠵᠢ ᠶᠢ ᠦᠨᠳᠦᠰᠦᠯᠡᠵᠥ ᠬᠢᠨᠠᠨ ᠲᠤᠬᠳᠠᠭᠠᠨ᠎ᠠ᠃   ︵ᠡᠬᠦᠨ ᠳᠤ ᠰᠢᠯᠭᠠᠬᠤ ᠲᠤᠬᠳᠠᠭᠠᠬᠤ ᠶᠢ ᠤᠶᠠᠯᠳᠤᠭᠤᠯᠤᠬᠰᠠᠨ ᠰᠢᠰᠲ᠋ᠧᠮ ᠤᠨ ᠮᠡᠷᠭᠡᠵᠢᠯ ᠤᠨ ᠴᠤᠯᠠ ᠶᠢᠨ ᠬᠢᠨᠠᠨ ᠵᠦᠪᠯᠡᠬᠦ ᠳᠤ ᠤᠷᠤᠯᠴᠠᠬᠰᠠᠳ ᠤᠯᠤᠰ   ᠠᠴᠠ ᠲᠤᠳᠤᠷᠬᠠᠢ ᠲᠤᠬᠳᠠᠭᠠᠯ ᠦᠬᠡᠢ ᠪᠤᠯ ᠰᠢᠯᠭᠠᠯᠳᠠ  ᠳᠤ ᠤᠷᠤᠯᠴᠠᠬᠤ ᠦᠬᠡᠢ ᠪᠠᠷ ᠰᠢᠭᠤᠳ ᠬᠢᠨᠠᠨ ᠰᠢᠯᠭᠠᠷᠠᠭᠤᠯᠬᠤ ᠳᠤ ᠤᠷᠤᠯᠴᠠᠨ᠎ᠠ︶
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号