ᠨᠢᠭᠡ᠂ ᠰᠦᠢᠳᠬᠡᠯ ᠲᠤᠰᠢᠶᠠᠬᠤ ᠬᠡᠪᠴᠢᠶ᠎ᠡ | ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠪᠠᠶᠢᠩᠭᠤ ᠰᠠᠭᠤᠭ᠎ᠠ ᠬᠥᠮᠥᠨ | ᠠᠮᠠ ᠶᠢᠨ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠡᠪᠴᠢᠶ᠎ᠡ ᠨᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠠᠴᠠ ᠭᠠᠳᠠᠨᠠᠬᠢ ᠪᠣᠶ ᠪᠦᠬᠦᠢ ᠬᠤᠲᠠ ᠬᠥᠳᠡᠭᠡ ᠶᠢᠨ ᠰᠠᠭᠤᠭᠠᠯᠢ ᠠᠷᠠᠳ ︵ᠣᠷᠣᠨ ᠤ | ᠭᠠᠳᠠᠨᠠᠬᠢ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ᠂ ᠡᠯ᠎ᠡ ᠲᠥᠷᠥᠯ ᠤᠨ ᠪᠦᠬᠦᠯᠢ ᠡᠳᠦᠷ ᠤᠨ | ᠳᠦᠷᠢᠮᠲᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠦᠬᠡᠳ | ᠪᠠᠭᠲᠠᠨ᠎ᠠ︶ ᠪᠣᠯᠣᠨ᠎ᠠ᠃ | ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ | ᠡᠩ ᠤᠨ ᠰᠠᠭᠤᠭᠠᠯᠢ ᠠᠷᠠᠳ ᠤᠨ ᠬᠥᠮᠥᠨ ᠠᠮᠠ ᠨᠢᠭᠡᠪᠦᠷᠢ 400.00 ᠲᠥᠭᠦᠷᠢᠭ ︵ᠬᠦᠨᠳᠦ ᠡᠪᠡᠳᠴᠢᠨ᠂ | ᠦᠷᠡᠵᠢᠯ ᠵᠢᠴᠢ ᠰᠠᠨᠠᠭᠠᠨ ᠳᠤ ᠦᠭᠡᠢ ᠭᠡᠮᠲᠦᠯ ᠪᠠᠭᠲᠠᠨ᠎ᠠ︶ ᠲᠤᠰᠢᠶᠠᠨ᠎ᠠ︔ ᠣᠨᠴᠠ ᠬᠦᠴᠢᠷᠳᠡᠯ ᠲᠠᠢ ᠬᠥᠮᠥᠰ᠂ | ᠥᠨᠥᠴᠢᠨ ᠬᠡᠦᠬᠡᠳ ︵ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠭᠲᠠᠭᠠᠨ᠎ᠠ︶ ᠲᠤ ᠪᠦᠬᠦ | ᠲᠣᠭᠠᠨ ᠤ ᠲᠤᠰᠠᠯᠠᠮᠵᠢ ᠦᠵᠡᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ | ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠬᠥᠮᠥᠨ ᠠᠮᠠ᠂ ᠠᠰᠠᠷᠠᠨ ᠬᠠᠷᠠᠭᠠᠯᠵᠠᠬᠤ ᠡᠲᠡᠭᠡᠳ᠂ | ᠵᠡᠮᠳᠡᠭᠷᠡᠯ ᠤᠨ ᠬᠡᠮᠵᠢᠶ᠎ᠡ ᠨᠢ 1 — 2 ᠲᠠᠰ ᠤᠨ ᠨᠠᠰᠤᠨ ᠳᠤ ᠭᠦᠷᠦᠭᠰᠡᠳ ᠪᠠ ᠦᠨᠡᠮᠯᠡᠯ ᠲᠠᠢ ᠨᠠᠰᠤᠨ ᠳᠤ ᠥᠯᠥ | ᠭᠦᠷᠦᠭᠰᠡᠳ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠤᠨ ᠭᠡᠷ ᠪᠦᠯᠢ ᠶᠢᠨ | ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠨᠠᠰᠤᠨ ᠳᠤ ᠥᠯᠥ ᠭᠦᠷᠦᠭᠰᠡᠳ ᠲᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ | ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠪᠠ | ᠡᠪᠡᠳᠴᠢᠨ ᠠᠴᠠ ᠪᠣᠯᠵᠤ ᠭᠡᠨᠡᠳᠲᠡ ᠶᠠᠳᠠᠭᠤᠷᠠᠭᠰᠠᠨ ᠬᠦᠨᠳᠦ ᠨᠣᠴᠢᠲᠠᠢ ᠬᠦᠴᠢᠷᠳᠡᠯ ᠲᠠᠢ ᠡᠷᠦᠬᠡ᠂ ᠬᠥᠮᠥᠨ | ᠪᠦᠷᠢ ᠳᠤ ᠳᠤᠮᠳᠠᠴᠢ ᠪᠠᠷ 180 ᠲᠥᠭᠦᠷᠢᠭ ᠤᠨ ᠪᠠᠷᠢᠮᠵᠢᠶ᠎ᠠ ︵ᠬᠤᠪᠢ ᠬᠥᠮᠥᠨ ᠤ ᠰᠦᠢᠳᠬᠡᠯ ᠲᠤᠰᠢᠶᠠᠬᠤ | ᠪᠠᠷᠢᠮᠵᠢᠶ᠎ᠠ ᠶᠢᠨ 45%︶ ᠪᠠᠷ ᠲᠣᠭᠲᠠᠭᠰᠠᠨ ᠲᠣᠭᠠᠨ ᠤ ᠲᠤᠰᠠᠯᠠᠮᠵᠢ ᠦᠵᠡᠭᠦᠯᠵᠦ᠂ ᠰᠦᠢᠳᠬᠡᠯ ᠲᠤᠰᠢᠶᠠᠬᠤ | ᠪᠠᠷᠢᠮᠵᠢᠶ᠎ᠠ ᠶᠢ ᠬᠥᠮᠥᠨ ᠪᠦᠷᠢ 220 ᠲᠥᠭᠦᠷᠢᠭ ᠢᠶᠠᠷ ᠲᠤᠭᠳᠠᠭᠠᠨ᠎ᠠ᠃ | ᠭᠤᠷᠪᠠ᠂ ᠰᠦᠢᠳᠬᠡᠯ ᠲᠤᠰᠢᠶᠠᠬᠤ ᠴᠠᠭ | 2024 ᠣᠨ ᠤ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠨᠢ 2023 ᠣᠨ ᠤ 9 | ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 29 ᠤ ᠡᠳᠦᠷ ᠬᠦᠷᠦᠨ᠎ᠡ᠂ ᠲᠥᠪᠯᠡᠷᠡᠭᠦᠯᠦᠨ | ᠰᠦᠢᠳᠬᠡᠯ ᠲᠤᠰᠢᠶᠠᠬᠤ ᠬᠤᠭᠤᠴᠠᠭ᠎ᠠ ᠶᠢ ᠬᠡᠳᠦᠷᠡᠭᠦᠯᠦᠭᠰᠡᠨ ᠰᠠᠭᠤᠭᠠᠯᠢ ᠠᠷᠠᠳ ᠳᠠᠭᠢᠵᠤ ᠨᠥᠬᠦᠵᠦ ᠲᠤᠰᠢᠶᠠᠬᠤ ᠶᠢ | ᠵᠥᠪᠰᠢᠶᠡᠷᠡᠬᠦ ᠦᠭᠡᠢ︔ ᠲᠠᠩᠰᠠᠨ ᠳᠤ ᠪᠠᠶᠢᠭ᠎ᠠ ᠣᠨᠴᠠ ᠬᠦᠴᠢᠷᠳᠡᠯᠲᠡᠢ ᠬᠠᠮᠲᠤᠯᠢᠭ ᠤᠨ ᠨᠢᠯᠬ᠎ᠠ ᠬᠡᠦᠬᠡᠳ ᠢ 12 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 100% ᠪᠠᠷ ᠳᠠᠭᠠᠳᠬᠠᠯ ᠳᠤ ᠣᠷᠣᠭᠤᠯᠬᠤ ᠶᠢ ᠪᠡᠶᠡᠯᠡᠭᠦᠯᠦᠨ᠎ᠡ︔ | ᠳᠠᠭᠠᠳᠬᠠᠯ ᠳᠤ ᠣᠷᠣᠯᠴᠠᠬᠤ ᠰᠠᠭᠠᠳ ᠦᠭᠡᠢ ᠨᠡᠪᠲᠡᠷᠡᠬᠦ ᠵᠠᠮ ᠢ ᠵᠥᠪᠬᠡᠨ ᠰᠢᠨ᠎ᠡ ᠪᠠᠷ ᠨᠡᠮᠡᠭᠳᠡᠭᠰᠡᠨ ᠬᠥᠳᠡᠯᠦᠩᠭᠦᠢ | ᠬᠥᠮᠥᠰ ᠲᠤ ᠬᠠᠨᠳᠤᠭᠤᠯᠤᠨ ᠨᠡᠭᠡᠭᠡᠵᠦ ᠥᠭᠭᠦᠨ᠎ᠡ᠂ ᠬᠤᠭᠤᠴᠠᠭ᠎ᠠ ᠬᠡᠲᠦᠷᠡᠲᠡᠯ᠎ᠡ ᠰᠦᠢᠳᠬᠡᠯ ᠲᠤᠰᠢᠶᠠᠵᠤ | ᠳᠠᠭᠤᠰᠬᠠᠭᠰᠠᠨ ᠦᠭᠡᠢ ᠪᠣᠯ ᠳᠠᠭᠠᠳᠬᠠᠯ ᠳᠤ ᠣᠷᠣᠯᠴᠠᠭᠰᠠᠨ ᠦᠭᠡᠢ ᠪᠠᠷ ᠦᠵᠡᠵᠦ᠂ 2024 ᠣᠨ ᠤ ᠡᠮ | ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ ᠬᠠᠷᠠᠭᠠᠯᠵᠠᠯ ᠢ ᠭᠥᠷᠳᠡᠵᠦ ᠪᠣᠯᠬᠤ ᠦᠭᠡᠢ᠃ | ᠳᠥᠷᠪᠡ᠂ ᠬᠠᠷᠠᠭᠠᠯᠵᠠᠯ ᠬᠦᠷᠳᠡᠬᠦ ᠬᠤᠭᠤᠴᠠᠭ᠎ᠠ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ ᠲᠤᠰᠢᠶᠠᠬᠤ ᠬᠠᠷᠠᠭᠠᠯᠵᠠᠯ ᠭᠥᠷᠳᠡᠬᠦ | ᠬᠤᠭᠤᠴᠠᠭ᠎ᠠ ᠨᠢ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ | ᠡᠳᠦᠷ ᠪᠣᠯᠲᠠᠯ᠎ᠠ᠄ ᠰᠠᠶ᠋ᠢ ᠲᠥᠷᠥᠭᠰᠡᠨ ᠬᠡᠦᠬᠡᠳ ᠢ 90 ᠡᠳᠦᠷ ︵90 ᠡᠳᠦᠷ ᠪᠠᠭᠲᠠᠨ᠎ᠠ︶ ᠳᠣᠲᠣᠷ᠎ᠠ ᠬᠢᠨᠠᠨ | ᠬᠠᠮᠠᠭᠠᠯᠠᠭᠴᠢ ᠨᠢ ᠰᠠᠶ᠋ᠢ ᠲᠥᠷᠥᠭᠰᠡᠨ ᠬᠡᠦᠬᠡᠳ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠬᠢᠯᠭᠡᠬᠦ ᠶᠢᠨ ᠬᠠᠮᠲᠤ ᠲᠣᠭᠲᠠᠭᠠᠯ ᠶᠣᠰᠣᠭᠠᠷ | ᠲᠥᠷᠥᠭᠰᠡᠨ ᠲᠤᠬᠠᠢ ᠶᠢᠨ ᠵᠢᠯ ᠤᠨ ᠳᠠᠭᠠᠳᠬᠠᠯ ᠳᠤ ᠣᠷᠣᠯᠴᠠᠬᠤ ᠵᠠᠷᠤᠳᠠᠯ ᠢ ᠲᠤᠰᠢᠶᠠᠭᠰᠠᠨ ᠤ ᠳᠠᠷᠠᠭ᠎ᠠ᠂ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠨᠢ ᠲᠥᠷᠥᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ︔ | ᠲᠥᠷᠥᠭᠰᠡᠨ ᠤ ᠳᠠᠷᠠᠭ᠎ᠠ 90 ᠡᠳᠦᠷ ᠠᠴᠠ ᠰᠡᠬᠦᠯᠡᠷ ᠳᠠᠭᠠᠳᠬᠠᠯ ᠳᠤ ᠣᠷᠣᠬᠤ ᠳᠠᠩᠰᠠᠯᠠᠯᠲᠠ ᠬᠢᠯᠭᠡᠬᠦ ᠶᠢᠨ ᠬᠠᠮᠲᠤ | ᠰᠦᠢᠳᠬᠡᠯ ᠲᠤᠰᠢᠶᠠᠵᠤ ᠳᠠᠭᠤᠰᠬᠠᠭᠰᠠᠨ ᠪᠠᠶᠢᠪᠠᠯ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠨᠢ ᠰᠦᠢᠳᠬᠡᠯ | ᠲᠤᠰᠢᠶᠠᠭᠠᠳ ᠲᠠᠩᠰᠠᠨ ᠳᠤ ᠣᠷᠣᠭᠰᠠᠨ ᠲᠡᠷᠡ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠃ ᠡᠷᠦᠬᠡ ᠠᠮᠠ ᠶᠢᠨ | ᠲᠠᠩᠰᠠ ᠪᠠᠨ ᠳᠠᠩᠰᠠᠯᠠᠭᠤᠯᠬᠤ ᠠᠴᠠ ᠡᠮᠦᠨ᠎ᠡ ᠭᠡᠭᠡᠭᠳᠡᠭᠰᠡᠨ ᠨᠢᠷᠠᠢ ᠬᠡᠦᠬᠡᠳ ᠢ ᠲᠥᠷᠥᠭᠰᠡᠨ ᠡᠳᠦᠷ ᠠᠴᠠ ᠪᠠᠨ | ᠡᠬᠢᠯᠡᠨ 90 ᠡᠳᠦᠷ ᠤᠨ ᠳᠣᠲᠣᠷ᠎ᠠ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠨᠢᠷᠠᠢ ᠬᠡᠦᠬᠡᠳ ᠤᠨ | ︽ᠭᠡᠭᠡᠭᠳᠡᠭᠰᠡᠨ ᠭᠡᠷᠡᠴᠢ︾ ᠪᠠᠷ ᠢᠶᠠᠨ ︽ᠡᠴᠢᠭᠡ ᠪᠤᠶᠤ ᠡᠬᠡ ᠶᠢᠨ ᠢᠶᠠᠨ ᠣᠪᠣᠭ ᠨᠡᠷ᠎ᠡ +XSE︾ ᠪᠠᠷ ᠣᠪᠣᠭ | ᠨᠡᠷ᠎ᠡ ᠪᠣᠯᠭᠠᠵᠤ᠂ ︽ᠪᠤᠰᠤᠳ ᠭᠡᠷᠡᠴᠢ ᠦᠨᠡᠮᠯᠡᠯ ᠤᠨ ᠲᠥᠷᠥᠯ ᠬᠡᠯᠪᠡᠷᠢ︾ ᠶᠢ ᠰᠣᠩᠭᠤᠵᠤ᠂ ᠡᠴᠢᠭᠡ ᠪᠤᠶᠤ | ᠡᠬᠡ ᠶᠢᠨ ᠢᠶᠠᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠳᠠᠭᠠᠳᠬᠠᠯ ᠳᠤ ᠣᠷᠣᠬᠤ ᠳᠠᠩᠰᠠᠯᠠᠯᠲᠠ ᠬᠢᠯᠭᠡᠵᠦ ᠪᠣᠯᠣᠨ᠎ᠠ᠃ | ᠲᠥᠷᠥᠭᠰᠡᠨ ᠲᠤᠬᠠᠢ ᠶᠢᠨ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ | ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠪᠠᠨ ᠡᠬᠢᠯᠡᠨ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠢ | ᠨᠢᠭᠡᠳᠦᠯᠲᠡᠢ ᠲᠥᠯᠥᠪᠯᠡᠬᠦ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠬᠤ | ᠬᠡᠷᠡᠭᠲᠡᠢ᠃ ᠲᠠᠩᠰᠠ ᠲᠠᠶᠢᠯᠬᠤ ᠶᠢ ᠭᠦᠢᠴᠡᠳᠬᠡᠭᠰᠡᠨ ᠤ ᠳᠠᠷᠠᠭ᠎ᠠ᠂ ᠳᠠᠭᠠᠳᠬᠠᠯ ᠳᠤ ᠣᠷᠣᠯᠴᠠᠬᠤ ᠶᠢ ᠨᠢ | ᠵᠣᠭᠰᠤᠭᠠᠬᠤ ᠭᠠᠷ ᠭᠦᠢᠴᠡᠳᠬᠡᠯ ᠢ ᠴᠠᠭ ᠲᠤᠬᠠᠢ ᠳᠤᠨᠢ ᠬᠢᠵᠦ ᠥᠭᠬᠦ ᠬᠡᠷᠡᠭᠲᠡᠢ᠃ | ᠲᠠᠪᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠬᠡᠯᠪᠡᠶᠢᠯᠭᠡᠬᠦ ᠲᠥᠷᠥ ᠶᠢᠨ | ᠪᠣᠳᠣᠯᠭ᠎ᠠ | 2022 ᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠠᠴᠠ ᠡᠬᠢᠯᠡᠨ ᠪᠤᠳᠤᠵᠤ᠂ | ᠵᠠᠯᠭᠠᠭ᠎ᠠ ᠪᠠᠷ 3 ᠵᠢᠯ ︵3 ᠵᠢᠯ ᠪᠠᠭᠲᠠᠨ᠎ᠠ︶ ᠠᠴᠠ ᠳᠡᠭᠡᠭᠰᠢ 5 ᠵᠢᠯ ᠬᠦᠷᠬᠦ ᠦᠭᠡᠢ ᠮᠥᠷᠲᠡᠭᠡᠨ ᠬᠡᠪ ᠤᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠶᠢᠳᠠᠯ ᠳᠤ ᠨᠡᠶᠢᠴᠡᠭᠰᠡᠨ ᠪᠠᠶᠢᠪᠠᠯ᠂ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠭᠰᠠᠨ | ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ 1% ᠪᠠᠷ ᠳᠡᠭᠡᠭᠰᠢᠯᠡᠭᠦᠯᠦᠨ᠎ᠡ︔ ᠵᠠᠯᠭᠠᠭ᠎ᠠ ᠪᠠᠷ 5 ᠵᠢᠯ ︵5 ᠵᠢᠯ | ᠪᠠᠭᠲᠠᠨ᠎ᠠ︶ ᠠᠴᠠ ᠳᠡᠭᠡᠭᠰᠢ ᠳᠠᠭᠠᠳᠬᠠᠯ ᠳᠤ ᠣᠷᠣᠯᠴᠠᠭᠰᠠᠨ ᠪᠥᠭᠡᠳ ᠬᠡᠪ ᠤᠨ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠪᠠᠶᠢᠳᠠᠯ ᠳᠤ ᠨᠡᠶᠢᠴᠡᠭᠰᠡᠨ ᠪᠠᠶᠢᠪᠠᠯ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ | ᠬᠠᠷᠢᠴᠠᠯ ᠢ 2% ᠢᠶᠠᠷ ᠳᠡᠭᠡᠭᠰᠢᠯᠡᠭᠦᠯᠦᠨ᠎ᠡ᠃ ︵ᠬᠦᠨᠳᠦ ᠡᠪᠡᠳᠴᠢᠨ ᠤ ᠳᠠᠭᠠᠳᠬᠠᠯ᠂ ᠣᠷᠣ ᠶᠢᠨ ᠲᠤᠭ᠎ᠠ ᠪᠠᠷ | ᠡᠳᠦᠷ ᠤᠨ ᠵᠠᠷᠤᠳᠠᠯ ᠲᠤᠰᠢᠶᠠᠬᠤ᠂ ᠴᠢᠰᠤ ᠨᠡᠪᠴᠢᠭᠦᠯᠦᠨ ᠢᠯᠭᠠᠷᠠᠭᠤᠯᠬᠤ᠂ ᠡᠳᠦᠷ ᠤᠨ ᠮᠡᠰᠡ ᠵᠠᠰᠠᠯ᠂ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠵᠡᠷᠭᠡ ᠪᠣᠶ ᠪᠦᠬᠦᠢ ᠲᠠᠩᠰᠠ ᠲᠠᠶᠢᠯᠬᠤ ᠠᠷᠭ᠎ᠠ ᠮᠠᠶ᠋ᠢᠭ᠂ ᠲᠠᠩᠰᠠ | ᠲᠠᠶᠢᠯᠬᠤ ᠬᠠᠷᠢᠴᠠᠯ ᠳᠤ ᠤᠨᠴᠠᠭᠠᠢ ᠲᠣᠭᠲᠠᠭᠠᠯ ᠲᠠᠢ ᠪᠠᠶᠢᠪᠠᠯ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠳᠤ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢᠨ ᠳᠡᠭᠡᠭᠰᠢᠯᠡᠭᠦᠯᠬᠦ ᠬᠡᠪᠴᠢᠶᠡᠨ ᠳᠤ ᠪᠠᠭᠲᠠᠬᠤ | ᠦᠭᠡᠢ︶᠃ ᠵᠠᠷᠤᠳᠠᠯ ᠲᠤᠰᠢᠶᠠᠬᠤ ᠪᠠᠨ ᠵᠤᠭᠰᠤᠭᠰᠠᠨ ᠤ ᠰᠡᠭᠦᠯᠡᠷ ᠳᠠᠭᠢᠵᠤ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠭᠰᠠᠨ ᠪᠠᠶᠢᠪᠠᠯ᠂ ᠵᠠᠯᠭᠠᠭᠠᠪᠡᠷ ᠳᠠᠭᠠᠳᠬᠠᠯ ᠳᠤ ᠣᠷᠣᠯᠴᠠᠭᠰᠠᠨ ᠵᠢᠯ ᠬᠤᠭᠤᠴᠠᠭ᠎ᠠ ᠶᠢ ᠳᠠᠭᠢᠵᠤ | ᠰᠢᠨ᠎ᠡ ᠪᠠᠷ ᠪᠤᠳᠤᠨ᠎ᠠ︔ ᠠᠵᠢᠯ ᠣᠯᠣᠭᠰᠠᠨ ᠵᠡᠷᠭᠡ ᠰᠢᠯᠲᠠᠭᠠᠨ ᠠᠴᠠ ᠪᠣᠯᠵᠤ ᠳᠠᠭᠠᠳᠬᠠᠯ ᠳᠤ ᠣᠷᠣᠯᠴᠠᠭᠰᠠᠨ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠥᠭᠡᠳ ᠴᠠᠭ ᠨᠢ | ᠦᠷᠭᠦᠯᠵᠢᠯᠡᠭᠰᠡᠨ ᠪᠠᠶᠢᠪᠠᠯ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠭᠰᠠᠨ ᠵᠢᠯ ᠬᠤᠭᠤᠴᠠᠭ᠎ᠠ ᠶᠢ | ᠦᠷᠭᠦᠯᠵᠢᠯᠡᠨ ᠪᠤᠳᠤᠵᠤ ᠪᠣᠯᠣᠨ᠎ᠠ᠃ | ᠵᠢᠷᠭᠤᠭ᠎ᠠ᠂ ᠰᠦᠢᠳᠬᠡᠯ ᠲᠤᠰᠢᠶᠠᠬᠤ ᠠᠷᠭ᠎ᠠ ᠮᠠᠶ᠋ᠢᠭ | ︵ᠨᠢᠭᠡ︶ ᠸᠢᠴᠠᠲ ᠲᠡᠭᠡᠷ᠎ᠡ ᠰᠦᠢᠳᠬᠡᠯ ᠲᠤᠰᠢᠶᠠᠬᠤ᠄ ᠳᠠᠭᠠᠳᠬᠠᠯ ᠳᠤ ᠰᠢᠨ᠎ᠡ ᠪᠠᠷ ᠣᠷᠣᠯᠴᠠᠭᠰᠠᠨ ᠬᠤᠲᠠ | ᠬᠥᠳᠡᠭᠡ ᠶᠢᠨ ᠰᠠᠭᠤᠭᠠᠯᠢ ᠠᠷᠠᠳ ᠪᠠᠶᠢᠭ᠎ᠠ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ᠶᠢᠨ ᠶᠡᠷᠦᠩᠬᠡᠶᠢᠯᠡᠭᠰᠡᠨ ᠴᠣᠩᠬᠤ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ | ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠲᠤ ᠬᠦᠷᠴᠦ ᠳᠠᠭᠠᠳᠬᠠᠯ ᠳᠤ ᠣᠷᠣᠯᠴᠠᠨ | ᠳᠡᠩᠰᠡᠯᠡᠵᠦ᠂ ᠰᠦᠢᠳᠬᠡᠯ ᠲᠤᠰᠢᠶᠠᠬᠤ ᠪᠠᠨ ᠡᠵᠡᠨ ᠮᠡᠳᠡᠵᠦ ᠪᠡᠶᠡᠯᠡᠭᠦᠯᠦᠨ᠎ᠡ︔ ᠦᠷᠭᠦᠯᠵᠢᠯᠡᠨ ᠳᠠᠭᠠᠳᠬᠠᠬᠤ | ᠠᠵᠢᠯᠲᠠᠨ ᠳᠣᠣᠷᠠᠬᠢ ᠠᠷᠭ᠎ᠠ ᠮᠠᠶ᠋ᠢᠭ ᠢᠶᠠᠷ ᠰᠢᠭᠤᠳ ᠰᠦᠢᠳᠬᠡᠯ ᠲᠤᠰᠢᠶᠠᠵᠤ ᠪᠣᠯᠣᠨ᠎ᠠ᠄ ᠸᠢᠴᠠᠲ ᠤᠨ ᠵᠢᠵᠢᠭ | ᠫᠷᠣᠭ᠍ᠷᠠᠮ ᠢᠶᠠᠷ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ︾ ᠲᠠᠪᠴᠠᠩ ᠢ ᠬᠠᠶᠢᠵᠤ ︵ᠡᠰᠡᠬᠦᠯ᠎ᠡ ᠸᠢᠴᠠᠲ ᠤᠨ ᠪᠠᠷᠠᠭᠤᠨ ᠳᠣᠣᠷ᠎ᠠ ᠥᠨᠴᠥᠭ ᠲᠠᠬᠢ ︽ᠪᠢ︾ | ︱ ᠬᠤᠲᠠ ᠶᠢᠨ ᠦᠢᠯᠡᠴᠢᠯᠡᠭᠡᠨ ᠤ ᠪᠤᠯᠤᠩ ᠤᠨ ᠪᠠᠷᠠᠭᠤᠨ ᠳᠡᠭᠡᠷ᠎ᠡ ᠥᠨᠴᠥᠭ ᠲᠠᠬᠢ ︽ᠥᠪᠥᠷ ᠮᠣᠩᠭᠤᠯ ᠤᠨ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠲᠠᠪᠴᠠᠩ ᠢ ᠬᠠᠶᠢᠵᠤ ᠰᠦᠢᠳᠭᠡᠯ ᠲᠤᠰᠢᠶᠠᠨ᠎ᠠ︶ + | ᠪᠢ ᠰᠦᠢᠳᠬᠡᠯ ᠲᠤᠰᠢᠶᠠᠨ᠎ᠠ → ᠰᠦᠢᠳᠭᠡᠯ ᠲᠤᠰᠢᠶᠠᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠵᠢᠴᠢ ᠭᠠᠷ | ᠤᠲᠠᠰᠤᠨ ᠤ ᠨᠣᠮᠧᠷ ᠢ ᠲᠠᠭᠯᠠᠵᠤ ᠲᠣᠪᠴᠢᠳᠠᠬᠤ→ ᠳᠠᠷᠠᠭ᠎ᠠ ᠠᠯᠬᠤᠮ ᠳᠤ ᠬᠠᠯᠠᠭᠤᠨ ᠳᠣᠲᠣᠨᠣ ᠰᠠᠨᠠᠭᠤᠯᠤᠮᠵᠢ | ᠢᠯᠡᠷᠡᠪᠡᠯ᠂ ᠨᠤᠳᠠᠯᠠᠬᠤ ᠲᠤᠪᠴᠢ ᠶᠢ ᠲᠣᠪᠴᠢᠳᠠᠬᠤ + ᠪᠡᠶ᠎ᠡ ᠪᠠᠨ ᠳᠠᠭᠠᠭᠠᠵᠤ ᠵᠠᠷᠤᠳᠠᠯ ᠲᠤᠰᠢᠶᠠᠬᠤ ᠶᠢ | ᠰᠣᠩᠭᠤᠬᠤ→ ᠵᠠᠷᠤᠳᠠᠯ ᠲᠤᠰᠢᠶᠠᠬᠤ ᠣᠨ ᠢ ᠰᠣᠩᠭᠤᠬᠤ ᠲᠤᠪᠴᠢ ᠶᠢ ᠲᠤᠪᠴᠢᠳᠠᠨ 2024 ᠤᠨ ᠢ | ᠨᠤᠳᠠᠯᠠᠬᠤ→ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠵᠠᠷᠤᠳᠠᠯ ᠢ ᠲᠤᠰᠢᠶᠠᠪᠠᠯ ᠵᠣᠬᠢᠬᠤ ᠵᠣᠭᠤᠰ ᠤᠨ ᠲᠤᠭ᠎ᠠ ᠨᠢ 400 ᠲᠥᠭᠦᠷᠢᠭ ᠢ ᠰᠣᠩᠭᠤᠨ᠎ᠠ ︵ᠣᠨᠴᠠᠭᠠᠶ | ᠰᠠᠭᠤᠭᠠᠯᠢ ᠠᠷᠠᠳ ᠣᠨᠴᠠ ᠬᠦᠴᠢᠷᠳᠡᠯ ᠲᠠᠢ ᠬᠥᠮᠥᠰ ᠠᠴᠠ ᠪᠤᠰᠤᠳ ᠨᠢ 220 ᠲᠥᠭᠦᠷᠢᠭ ᠢ ᠰᠣᠩᠭᠤᠨ᠎ᠠ︶ | ︱ ᠨᠤᠳᠠᠯᠠᠵᠤ ᠲᠤᠭᠳᠠᠭᠠᠬᠤ ︱ ᠲᠤᠰᠢᠶᠠᠬᠤ + ᠰᠦᠢᠳᠬᠡᠯ ᠲᠤᠰᠢᠶᠠᠭᠰᠠᠨ ᠢ ᠨᠤᠲᠠᠯᠠᠬᠤ→ ︽ᠡᠭᠦᠯᠡᠨ | ᠰᠦᠢᠳᠬᠡᠯ ᠲᠤᠰᠢᠶᠠᠬᠤ ᠠᠯᠪᠠᠨ ᠤ ᠲᠠᠯ᠎ᠠ ᠶᠢᠨ ᠲᠠᠪᠴᠠᠩ︾→ ᠵᠥᠪᠰᠢᠶᠡᠷᠡᠬᠦ ︱ ᠲᠤᠳᠤᠯᠠᠬᠤ — ᠲᠤᠰᠢᠶᠠᠬᠤ | ︱ ᠲᠠᠷᠤᠢ ᠳᠤᠨᠢ ᠲᠤᠰᠢᠶᠠᠬᠤ ︱ ᠠᠮᠵᠢᠯᠳᠡ ᠲᠠᠢ ᠪᠠᠷ ᠵᠣᠭᠤᠰ ᠲᠤᠰᠢᠶᠠᠭᠰᠠᠨ — ᠰᠦᠢᠳᠬᠡᠯ ᠲᠤᠰᠢᠶᠠᠵᠤ | ᠪᠠᠷᠠᠭᠰᠠᠨ ᠢ ᠬᠠᠷᠠᠭᠤᠯᠤᠨ᠎ᠠ᠃ | ︵ᠬᠤᠶᠠᠷ︶ ᡁᠢ ᠹᠦ᠋ ᠪᠤᠤ ᠪᠠᠷ ᠰᠦᠢᠳᠬᠡᠯ ᠲᠤᠰᠢᠶᠠᠬᠤ᠄ ︽ᠬᠤᠲᠠ ᠶᠢᠨ ᠠᠷᠠᠳ ᠤᠨ ᠲᠥᠪ ᠤᠨ | ᠨᠡᠶᠢᠭᠡᠮ ᠤᠨ ᠳᠠᠭᠠᠳᠬᠠᠯ ᠤᠨ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ | ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ︵ᠡᠮᠴᠢᠯᠡᠭᠡᠨ ᠤ ᠳᠠᠭᠠᠳᠬᠠᠯ︶ ᠤᠨ ᠰᠦᠢᠳᠬᠡᠯ ᠢ | ᠮᠡᠳᠡᠭᠦᠯᠦᠨ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃ | ︵ᠭᠤᠷᠪᠠ︶ ᠥᠪᠥᠷ ᠮᠣᠩᠭᠤᠯ ᠤᠨ ᠲᠦᠷᠭᠡᠨ ᠭᠦᠢᠴᠡᠳᠭᠡᠭᠦᠷ ᠢᠶᠠᠷ ᠰᠦᠢᠳᠬᠡᠯ ᠲᠤᠰᠢᠶᠠᠬᠤ | ᠠᠷᠭ᠎ᠠ ᠨᠢᠭᠡ᠄ ᠥᠪᠥᠷ ᠮᠣᠩᠭᠤᠯ ᠤᠨ ᠲᠦᠷᠭᠡᠨ ᠭᠦᠢᠴᠡᠳᠭᠡᠭᠦᠷ ᠤᠨ ᠲᠦᠷᠦᠭᠦᠸ ᠨᠢᠭᠤᠷ ᠲᠠᠬᠢ ︽ | ᠨᠡᠶᠢᠭᠡᠮ ᠤᠨ ᠳᠠᠭᠠᠳᠬᠠᠯ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ︾ ᠲᠠᠪᠴᠠᠩ ᠢᠶᠠᠷ | ᠳᠠᠮᠵᠢᠭᠤᠯᠤᠨ᠂ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠢ ᠭᠤᠶᠤᠴᠢᠯᠠᠨ | ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃ | ᠠᠷᠭ᠎ᠠ ᠬᠤᠶᠠᠷ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ︾ ᠲᠠᠪᠴᠠᠩ ᠢ ᠬᠠᠶᠢᠵᠤ᠂ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ | ᠤᠨ ᠰᠦᠢᠳᠬᠡᠯ ᠲᠤᠰᠢᠶᠠᠬᠤ ᠪᠠᠷ ᠮᠡᠳᠡᠭᠦᠯᠵᠦ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃ | | ᠠᠷᠭ᠎ᠠ ᠭᠤᠷᠪᠠ᠄ ︽ᠦᠢᠯᠡᠴᠢᠯᠡᠭᠡ ︱ ᠲᠠᠪᠤᠨ ᠳᠠᠭᠠᠳᠬᠠᠯ ᠨᠢᠭᠡ ᠮᠥᠩᠭᠦ ︱ ᠥᠪᠥᠷ ᠮᠣᠩᠭᠤᠯ ᠤᠨ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ | ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠢ ᠮᠡᠳᠡᠭᠦᠯᠦᠨ ᠲᠤᠰᠢᠶᠠᠵᠤ᠂ ᠰᠦᠢᠳᠬᠡᠯ ᠲᠤᠰᠢᠶᠠᠭᠰᠠᠨ | ᠭᠡᠷᠡᠴᠢ ᠪᠠᠷᠢᠮᠲᠠ ᠭᠠᠷᠭᠠᠵᠤ ᠠᠪᠤᠨ᠎ᠠ᠃ | | |