ᠵᠢᠷᠤᠭᠳᠤ ᠲᠠᠶᠢᠯᠤᠮᠵᠢ᠄ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ
ᠨᠡᠶᠢᠲᠡᠯᠡᠭᠰᠡᠨ ᠴᠠᠭ᠄
2024/1/3
  ᠨᠢᠭᠡ᠂ ᠰᠦᠢᠳᠬᠡᠯ ᠲᠤᠰᠢᠶᠠᠬᠤ ᠬᠡᠪᠴᠢᠶ᠎ᠡ    ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠡᠪᠴᠢᠶ᠎ᠡ ᠨᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠴᠠ ᠭᠠᠳᠠᠨᠠᠬᠢ ᠪᠣᠶ ᠪᠦᠬᠦᠢ ᠬᠤᠲᠠ ᠬᠥᠳᠡᠭᠡ ᠶᠢᠨ ᠰᠠᠭᠤᠭᠠᠯᠢ ᠠᠷᠠᠳ ︵ᠣᠷᠣᠨ ᠤ ᠭᠠᠳᠠᠨᠠᠬᠢ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ᠂ ᠡᠯ᠎ᠡ ᠲᠥᠷᠥᠯ ᠤᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ   ᠠᠴᠠ ᠡᠮᠦᠨᠡᠬᠢ ᠬᠡᠦᠬᠡᠳ ᠪᠠᠭᠲᠠᠨ᠎ᠠ︶ ᠪᠣᠯᠣᠨ᠎ᠠ᠃      ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ    ᠡᠩ ᠤᠨ ᠰᠠᠭᠤᠭᠠᠯᠢ ᠠᠷᠠᠳ ᠤᠨ ᠬᠥᠮᠥᠨ ᠠᠮᠠ ᠨᠢᠭᠡᠪᠦᠷᠢ 400.00 ᠲᠥᠭᠦᠷᠢᠭ ︵ᠬᠦᠨᠳᠦ ᠡᠪᠡᠳᠴᠢᠨ᠂ ᠦᠷᠡᠵᠢᠯ ᠵᠢᠴᠢ ᠰᠠᠨᠠᠭᠠᠨ ᠳᠤ ᠦᠭᠡᠢ ᠭᠡᠮᠲᠦᠯ ᠪᠠᠭᠲᠠᠨ᠎ᠠ︶ ᠲᠤᠰᠢᠶᠠᠨ᠎ᠠ︔ ᠣᠨᠴᠠ ᠬᠦᠴᠢᠷᠳᠡᠯ ᠲᠠᠢ ᠬᠥᠮᠥᠰ᠂ ᠥᠨᠥᠴᠢᠨ ᠬᠡᠦᠬᠡᠳ ︵ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠭᠲᠠᠭᠠᠨ᠎ᠠ︶ ᠲᠤ ᠪᠦᠬᠦ ᠲᠣᠭᠠᠨ ᠤ ᠲᠤᠰᠠᠯᠠᠮᠵᠢ ᠦᠵᠡᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠬᠥᠮᠥᠨ ᠠᠮᠠ᠂ ᠠᠰᠠᠷᠠᠨ ᠬᠠᠷᠠᠭᠠᠯᠵᠠᠬᠤ ᠡᠲᠡᠭᠡᠳ᠂ ᠵᠡᠮᠳᠡᠭᠷᠡᠯ ᠤᠨ ᠬᠡᠮᠵᠢᠶ᠎ᠡ ᠨᠢ 1 — 2 ᠲᠠᠰ ᠤᠨ ᠨᠠᠰᠤᠨ ᠳᠤ ᠭᠦᠷᠦᠭᠰᠡᠳ ᠪᠠ ᠦᠨᠡᠮᠯᠡᠯ ᠲᠠᠢ ᠨᠠᠰᠤᠨ ᠳᠤ ᠥᠯᠥ ᠭᠦᠷᠦᠭᠰᠡᠳ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠤᠨ ᠭᠡᠷ ᠪᠦᠯᠢ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠨᠠᠰᠤᠨ ᠳᠤ ᠥᠯᠥ ᠭᠦᠷᠦᠭᠰᠡᠳ ᠲᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠪᠠ ᠡᠪᠡᠳᠴᠢᠨ ᠠᠴᠠ ᠪᠣᠯᠵᠤ ᠭᠡᠨᠡᠳᠲᠡ ᠶᠠᠳᠠᠭᠤᠷᠠᠭᠰᠠᠨ ᠬᠦᠨᠳᠦ ᠨᠣᠴᠢᠲᠠᠢ ᠬᠦᠴᠢᠷᠳᠡᠯ ᠲᠠᠢ ᠡᠷᠦᠬᠡ᠂ ᠬᠥᠮᠥᠨ ᠪᠦᠷᠢ ᠳᠤ ᠳᠤᠮᠳᠠᠴᠢ ᠪᠠᠷ 180 ᠲᠥᠭᠦᠷᠢᠭ ᠤᠨ ᠪᠠᠷᠢᠮᠵᠢᠶ᠎ᠠ ︵ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45%︶ ᠪᠠᠷ ᠲᠣᠭᠲᠠᠭᠰᠠᠨ ᠲᠣᠭᠠᠨ ᠤ ᠲᠤᠰᠠᠯᠠᠮᠵᠢ ᠦᠵᠡᠭᠦᠯᠵᠦ᠂ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ 220 ᠲᠥᠭᠦᠷᠢᠭ ᠢᠶᠠᠷ ᠲᠤᠭᠳᠠᠭᠠᠨ᠎ᠠ᠃      ᠭᠤᠷᠪᠠ᠂ ᠰᠦᠢᠳᠬᠡᠯ ᠲᠤᠰᠢᠶᠠᠬᠤ ᠴᠠᠭ     2024 ᠣᠨ ᠤ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠨᠢ 2023 ᠣᠨ ᠤ 9 ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 29 ᠤ ᠡᠳᠦᠷ ᠬᠦᠷᠦᠨ᠎ᠡ᠂ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠶᠢ ᠬᠡᠳᠦᠷᠡᠭᠦᠯᠦᠭᠰᠡᠨ ᠰᠠᠭᠤᠭᠠᠯᠢ ᠠᠷᠠᠳ ᠳᠠᠭᠢᠵᠤ ᠨᠥᠬᠦᠵᠦ ᠲᠤᠰᠢᠶᠠᠬᠤ ᠶᠢ ᠵᠥᠪᠰᠢᠶᠡᠷᠡᠬᠦ ᠦᠭᠡᠢ︔ ᠲᠠᠩᠰᠠᠨ ᠳᠤ ᠪᠠᠶᠢᠭ᠎ᠠ ᠣᠨᠴᠠ ᠬᠦᠴᠢᠷᠳᠡᠯᠲᠡᠢ ᠬᠠᠮᠲᠤᠯᠢᠭ ᠤᠨ ᠨᠢᠯᠬ᠎ᠠ ᠬᠡᠦᠬᠡᠳ ᠢ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 100% ᠪᠠᠷ ᠳᠠᠭᠠᠳᠬᠠᠯ ᠳᠤ ᠣᠷᠣᠭᠤᠯᠬᠤ ᠶᠢ ᠪᠡᠶᠡᠯᠡᠭᠦᠯᠦᠨ᠎ᠡ︔ ᠳᠠᠭᠠᠳᠬᠠᠯ ᠳᠤ ᠣᠷᠣᠯᠴᠠᠬᠤ ᠰᠠᠭᠠᠳ ᠦᠭᠡᠢ ᠨᠡᠪᠲᠡᠷᠡᠬᠦ ᠵᠠᠮ ᠢ ᠵᠥᠪᠬᠡᠨ ᠰᠢᠨ᠎ᠡ ᠪᠠᠷ ᠨᠡᠮᠡᠭᠳᠡᠭᠰᠡᠨ ᠬᠥᠳᠡᠯᠦᠩᠭᠦᠢ ᠬᠥᠮᠥᠰ ᠲᠤ ᠬᠠᠨᠳᠤᠭᠤᠯᠤᠨ ᠨᠡᠭᠡᠭᠡᠵᠦ ᠥᠭᠭᠦᠨ᠎ᠡ᠂ ᠬᠤᠭᠤᠴᠠᠭ᠎ᠠ ᠬᠡᠲᠦᠷᠡᠲᠡᠯ᠎ᠡ ᠰᠦᠢᠳᠬᠡᠯ ᠲᠤᠰᠢᠶᠠᠵᠤ ᠳᠠᠭᠤᠰᠬᠠᠭᠰᠠᠨ ᠦᠭᠡᠢ ᠪᠣᠯ ᠳᠠᠭᠠᠳᠬᠠᠯ ᠳᠤ ᠣᠷᠣᠯᠴᠠᠭᠰᠠᠨ ᠦᠭᠡᠢ ᠪᠠᠷ ᠦᠵᠡᠵᠦ᠂ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ ᠬᠠᠷᠠᠭᠠᠯᠵᠠᠯ ᠢ ᠭᠥᠷᠳᠡᠵᠦ ᠪᠣᠯᠬᠤ ᠦᠭᠡᠢ᠃      ᠳᠥᠷᠪᠡ᠂ ᠬᠠᠷᠠᠭᠠᠯᠵᠠᠯ ᠬᠦᠷᠳᠡᠬᠦ ᠬᠤᠭᠤᠴᠠᠭ᠎ᠠ      ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ ᠲᠤᠰᠢᠶᠠᠬᠤ ᠬᠠᠷᠠᠭᠠᠯᠵᠠᠯ ᠭᠥᠷᠳᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠄ ᠰᠠᠶ᠋ᠢ ᠲᠥᠷᠥᠭᠰᠡᠨ ᠬᠡᠦᠬᠡᠳ ᠢ 90 ᠡᠳᠦᠷ ︵90 ᠡᠳᠦᠷ ᠪᠠᠭᠲᠠᠨ᠎ᠠ︶ ᠳᠣᠲᠣᠷ᠎ᠠ ᠬᠢᠨᠠᠨ ᠬᠠᠮᠠᠭᠠᠯᠠᠭᠴᠢ ᠨᠢ ᠰᠠᠶ᠋ᠢ ᠲᠥᠷᠥᠭᠰᠡᠨ ᠬᠡᠦᠬᠡᠳ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠬᠢᠯᠭᠡᠬᠦ ᠶᠢᠨ ᠬᠠᠮᠲᠤ ᠲᠣᠭᠲᠠᠭᠠᠯ ᠶᠣᠰᠣᠭᠠᠷ ᠲᠥᠷᠥᠭᠰᠡᠨ ᠲᠤᠬᠠᠢ ᠶᠢᠨ ᠵᠢᠯ ᠤᠨ ᠳᠠᠭᠠᠳᠬᠠᠯ ᠳᠤ ᠣᠷᠣᠯᠴᠠᠬᠤ ᠵᠠᠷᠤᠳᠠᠯ ᠢ ᠲᠤᠰᠢᠶᠠᠭᠰᠠᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠨᠢ ᠲᠥᠷᠥᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ︔ ᠲᠥᠷᠥᠭᠰᠡᠨ ᠤ ᠳᠠᠷᠠᠭ᠎ᠠ 90 ᠡᠳᠦᠷ ᠠᠴᠠ ᠰᠡᠬᠦᠯᠡᠷ ᠳᠠᠭᠠᠳᠬᠠᠯ ᠳᠤ ᠣᠷᠣᠬᠤ ᠳᠠᠩᠰᠠᠯᠠᠯᠲᠠ ᠬᠢᠯᠭᠡᠬᠦ ᠶᠢᠨ ᠬᠠᠮᠲᠤ ᠰᠦᠢᠳᠬᠡᠯ ᠲᠤᠰᠢᠶᠠᠵᠤ ᠳᠠᠭᠤᠰᠬᠠᠭᠰᠠᠨ ᠪᠠᠶᠢᠪᠠᠯ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠨᠢ ᠰᠦᠢᠳᠬᠡᠯ ᠲᠤᠰᠢᠶᠠᠭᠠᠳ ᠲᠠᠩᠰᠠᠨ ᠳᠤ ᠣᠷᠣᠭᠰᠠᠨ ᠲᠡᠷᠡ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠃ ᠡᠷᠦᠬᠡ ᠠᠮᠠ ᠶᠢᠨ ᠲᠠᠩᠰᠠ ᠪᠠᠨ ᠳᠠᠩᠰᠠᠯᠠᠭᠤᠯᠬᠤ ᠠᠴᠠ ᠡᠮᠦᠨ᠎ᠡ ᠭᠡᠭᠡᠭᠳᠡᠭᠰᠡᠨ ᠨᠢᠷᠠᠢ ᠬᠡᠦᠬᠡᠳ ᠢ ᠲᠥᠷᠥᠭᠰᠡᠨ ᠡᠳᠦᠷ ᠠᠴᠠ ᠪᠠᠨ ᠡᠬᠢᠯᠡᠨ 90 ᠡᠳᠦᠷ ᠤᠨ ᠳᠣᠲᠣᠷ᠎ᠠ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠨᠢᠷᠠᠢ ᠬᠡᠦᠬᠡᠳ ᠤᠨ ︽ᠭᠡᠭᠡᠭᠳᠡᠭᠰᠡᠨ ᠭᠡᠷᠡᠴᠢ︾ ᠪᠠᠷ ᠢᠶᠠᠨ ︽ᠡᠴᠢᠭᠡ ᠪᠤᠶᠤ ᠡᠬᠡ ᠶᠢᠨ ᠢᠶᠠᠨ ᠣᠪᠣᠭ ᠨᠡᠷ᠎ᠡ +XSE︾ ᠪᠠᠷ ᠣᠪᠣᠭ ᠨᠡᠷ᠎ᠡ ᠪᠣᠯᠭᠠᠵᠤ᠂ ︽ᠪᠤᠰᠤᠳ ᠭᠡᠷᠡᠴᠢ ᠦᠨᠡᠮᠯᠡᠯ ᠤᠨ ᠲᠥᠷᠥᠯ ᠬᠡᠯᠪᠡᠷᠢ︾ ᠶᠢ ᠰᠣᠩᠭᠤᠵᠤ᠂ ᠡᠴᠢᠭᠡ ᠪᠤᠶᠤ ᠡᠬᠡ ᠶᠢᠨ ᠢᠶᠠᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠳᠠᠭᠠᠳᠬᠠᠯ ᠳᠤ ᠣᠷᠣᠬᠤ ᠳᠠᠩᠰᠠᠯᠠᠯᠲᠠ ᠬᠢᠯᠭᠡᠵᠦ ᠪᠣᠯᠣᠨ᠎ᠠ᠃ ᠲᠥᠷᠥᠭᠰᠡᠨ ᠲᠤᠬᠠᠢ ᠶᠢᠨ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠪᠠᠨ ᠡᠬᠢᠯᠡᠨ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠬᠤ ᠬᠡᠷᠡᠭᠲᠡᠢ᠃ ᠲᠠᠩᠰᠠ ᠲᠠᠶᠢᠯᠬᠤ ᠶᠢ ᠭᠦᠢᠴᠡᠳᠬᠡᠭᠰᠡᠨ ᠤ ᠳᠠᠷᠠᠭ᠎ᠠ᠂ ᠳᠠᠭᠠᠳᠬᠠᠯ ᠳᠤ ᠣᠷᠣᠯᠴᠠᠬᠤ ᠶᠢ ᠨᠢ ᠵᠣᠭᠰᠤᠭᠠᠬᠤ ᠭᠠᠷ ᠭᠦᠢᠴᠡᠳᠬᠡᠯ ᠢ ᠴᠠᠭ ᠲᠤᠬᠠᠢ ᠳᠤᠨᠢ ᠬᠢᠵᠦ ᠥᠭᠬᠦ ᠬᠡᠷᠡᠭᠲᠡᠢ᠃     ᠲᠠᠪᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠬᠡᠯᠪᠡᠶᠢᠯᠭᠡᠬᠦ ᠲᠥᠷᠥ ᠶᠢᠨ ᠪᠣᠳᠣᠯᠭ᠎ᠠ     2022 ᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠠᠴᠠ ᠡᠬᠢᠯᠡᠨ ᠪᠤᠳᠤᠵᠤ᠂ ᠵᠠᠯᠭᠠᠭ᠎ᠠ ᠪᠠᠷ 3 ᠵᠢᠯ ︵3 ᠵᠢᠯ ᠪᠠᠭᠲᠠᠨ᠎ᠠ︶ ᠠᠴᠠ ᠳᠡᠭᠡᠭᠰᠢ 5 ᠵᠢᠯ ᠬᠦᠷᠬᠦ ᠦᠭᠡᠢ ᠮᠥᠷᠲᠡᠭᠡᠨ ᠬᠡᠪ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠶᠢᠳᠠᠯ ᠳᠤ ᠨᠡᠶᠢᠴᠡᠭᠰᠡᠨ ᠪᠠᠶᠢᠪᠠᠯ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ 1% ᠪᠠᠷ ᠳᠡᠭᠡᠭᠰᠢᠯᠡᠭᠦᠯᠦᠨ᠎ᠡ︔ ᠵᠠᠯᠭᠠᠭ᠎ᠠ ᠪᠠᠷ 5 ᠵᠢᠯ ︵5 ᠵᠢᠯ ᠪᠠᠭᠲᠠᠨ᠎ᠠ︶ ᠠᠴᠠ ᠳᠡᠭᠡᠭᠰᠢ ᠳᠠᠭᠠᠳᠬᠠᠯ ᠳᠤ ᠣᠷᠣᠯᠴᠠᠭᠰᠠᠨ ᠪᠥᠭᠡᠳ ᠬᠡᠪ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠶᠢᠳᠠᠯ ᠳᠤ ᠨᠡᠶᠢᠴᠡᠭᠰᠡᠨ ᠪᠠᠶᠢᠪᠠᠯ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ 2% ᠢᠶᠠᠷ ᠳᠡᠭᠡᠭᠰᠢᠯᠡᠭᠦᠯᠦᠨ᠎ᠡ᠃ ︵ᠬᠦᠨᠳᠦ ᠡᠪᠡᠳᠴᠢᠨ ᠤ ᠳᠠᠭᠠᠳᠬᠠᠯ᠂ ᠣᠷᠣ ᠶᠢᠨ ᠲᠤᠭ᠎ᠠ ᠪᠠᠷ ᠡᠳᠦᠷ ᠤᠨ ᠵᠠᠷᠤᠳᠠᠯ ᠲᠤᠰᠢᠶᠠᠬᠤ᠂ ᠴᠢᠰᠤ ᠨᠡᠪᠴᠢᠭᠦᠯᠦᠨ ᠢᠯᠭᠠᠷᠠᠭᠤᠯᠬᠤ᠂ ᠡᠳᠦᠷ ᠤᠨ ᠮᠡᠰᠡ ᠵᠠᠰᠠᠯ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠵᠡᠷᠭᠡ ᠪᠣᠶ ᠪᠦᠬᠦᠢ ᠲᠠᠩᠰᠠ ᠲᠠᠶᠢᠯᠬᠤ ᠠᠷᠭ᠎ᠠ ᠮᠠᠶ᠋ᠢᠭ᠂ ᠲᠠᠩᠰᠠ ᠲᠠᠶᠢᠯᠬᠤ ᠬᠠᠷᠢᠴᠠᠯ ᠳᠤ ᠤᠨᠴᠠᠭᠠᠢ ᠲᠣᠭᠲᠠᠭᠠᠯ ᠲᠠᠢ ᠪᠠᠶᠢᠪᠠᠯ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢᠨ ᠳᠡᠭᠡᠭᠰᠢᠯᠡᠭᠦᠯᠬᠦ ᠬᠡᠪᠴᠢᠶᠡᠨ ᠳᠤ ᠪᠠᠭᠲᠠᠬᠤ ᠦᠭᠡᠢ︶᠃ ᠵᠠᠷᠤᠳᠠᠯ ᠲᠤᠰᠢᠶᠠᠬᠤ ᠪᠠᠨ ᠵᠤᠭᠰᠤᠭᠰᠠᠨ ᠤ ᠰᠡᠭᠦᠯᠡᠷ ᠳᠠᠭᠢᠵᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠪᠠᠯ᠂ ᠵᠠᠯᠭᠠᠭᠠᠪᠡᠷ ᠳᠠᠭᠠᠳᠬᠠᠯ ᠳᠤ ᠣᠷᠣᠯᠴᠠᠭᠰᠠᠨ ᠵᠢᠯ ᠬᠤᠭᠤᠴᠠᠭ᠎ᠠ ᠶᠢ ᠳᠠᠭᠢᠵᠤ ᠰᠢᠨ᠎ᠡ ᠪᠠᠷ ᠪᠤᠳᠤᠨ᠎ᠠ︔ ᠠᠵᠢᠯ ᠣᠯᠣᠭᠰᠠᠨ ᠵᠡᠷᠭᠡ ᠰᠢᠯᠲᠠᠭᠠᠨ ᠠᠴᠠ ᠪᠣᠯᠵᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠥᠭᠡᠳ ᠴᠠᠭ ᠨᠢ ᠦᠷᠭᠦᠯᠵᠢᠯᠡᠭᠰᠡᠨ ᠪᠠᠶᠢᠪᠠᠯ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠭᠰᠠᠨ ᠵᠢᠯ ᠬᠤᠭᠤᠴᠠᠭ᠎ᠠ ᠶᠢ ᠦᠷᠭᠦᠯᠵᠢᠯᠡᠨ ᠪᠤᠳᠤᠵᠤ ᠪᠣᠯᠣᠨ᠎ᠠ᠃     ᠵᠢᠷᠭᠤᠭ᠎ᠠ᠂ ᠰᠦᠢᠳᠬᠡᠯ ᠲᠤᠰᠢᠶᠠᠬᠤ ᠠᠷᠭ᠎ᠠ ᠮᠠᠶ᠋ᠢᠭ     ︵ᠨᠢᠭᠡ︶ ᠸᠢᠴᠠᠲ ᠲᠡᠭᠡᠷ᠎ᠡ ᠰᠦᠢᠳᠬᠡᠯ ᠲᠤᠰᠢᠶᠠᠬᠤ᠄ ᠳᠠᠭᠠᠳᠬᠠᠯ ᠳᠤ ᠰᠢᠨ᠎ᠡ ᠪᠠᠷ ᠣᠷᠣᠯᠴᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠᠶᠢᠭ᠎ᠠ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢᠨ ᠶᠡᠷᠦᠩᠬᠡᠶᠢᠯᠡᠭᠰᠡᠨ ᠴᠣᠩᠬᠤ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠲᠤ ᠬᠦᠷᠴᠦ ᠳᠠᠭᠠᠳᠬᠠᠯ ᠳᠤ ᠣᠷᠣᠯᠴᠠᠨ ᠳᠡᠩᠰᠡᠯᠡᠵᠦ᠂ ᠰᠦᠢᠳᠬᠡᠯ ᠲᠤᠰᠢᠶᠠᠬᠤ ᠪᠠᠨ ᠡᠵᠡᠨ ᠮᠡᠳᠡᠵᠦ ᠪᠡᠶᠡᠯᠡᠭᠦᠯᠦᠨ᠎ᠡ︔ ᠦᠷᠭᠦᠯᠵᠢᠯᠡᠨ ᠳᠠᠭᠠᠳᠬᠠᠬᠤ ᠠᠵᠢᠯᠲᠠᠨ ᠳᠣᠣᠷᠠᠬᠢ ᠠᠷᠭ᠎ᠠ ᠮᠠᠶ᠋ᠢᠭ ᠢᠶᠠᠷ ᠰᠢᠭᠤᠳ ᠰᠦᠢᠳᠬᠡᠯ ᠲᠤᠰᠢᠶᠠᠵᠤ ᠪᠣᠯᠣᠨ᠎ᠠ᠄ ᠸᠢᠴᠠᠲ ᠤᠨ ᠵᠢᠵᠢᠭ ᠫᠷᠣᠭ᠍ᠷᠠᠮ ᠢᠶᠠᠷ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠲᠠᠪᠴᠠᠩ ᠢ ᠬᠠᠶᠢᠵᠤ ︵ᠡᠰᠡᠬᠦᠯ᠎ᠡ ᠸᠢᠴᠠᠲ ᠤᠨ ᠪᠠᠷᠠᠭᠤᠨ ᠳᠣᠣᠷ᠎ᠠ ᠥᠨᠴᠥᠭ ᠲᠠᠬᠢ ︽ᠪᠢ︾ ︱ ᠬᠤᠲᠠ ᠶᠢᠨ ᠦᠢᠯᠡᠴᠢᠯᠡᠭᠡᠨ ᠤ ᠪᠤᠯᠤᠩ ᠤᠨ ᠪᠠᠷᠠᠭᠤᠨ ᠳᠡᠭᠡᠷ᠎ᠡ ᠥᠨᠴᠥᠭ ᠲᠠᠬᠢ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠲᠠᠪᠴᠠᠩ ᠢ ᠬᠠᠶᠢᠵᠤ ᠰᠦᠢᠳᠭᠡᠯ ᠲᠤᠰᠢᠶᠠᠨ᠎ᠠ︶ + ᠪᠢ ᠰᠦᠢᠳᠬᠡᠯ ᠲᠤᠰᠢᠶᠠᠨ᠎ᠠ → ᠰᠦᠢᠳᠭᠡᠯ ᠲᠤᠰᠢᠶᠠᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠵᠢᠴᠢ ᠭᠠᠷ ᠤᠲᠠᠰᠤᠨ ᠤ ᠨᠣᠮᠧᠷ ᠢ ᠲᠠᠭᠯᠠᠵᠤ ᠲᠣᠪᠴᠢᠳᠠᠬᠤ→ ᠳᠠᠷᠠᠭ᠎ᠠ ᠠᠯᠬᠤᠮ ᠳᠤ ᠬᠠᠯᠠᠭᠤᠨ ᠳᠣᠲᠣᠨᠣ ᠰᠠᠨᠠᠭᠤᠯᠤᠮᠵᠢ ᠢᠯᠡᠷᠡᠪᠡᠯ᠂ ᠨᠤᠳᠠᠯᠠᠬᠤ ᠲᠤᠪᠴᠢ ᠶᠢ ᠲᠣᠪᠴᠢᠳᠠᠬᠤ + ᠪᠡᠶ᠎ᠡ ᠪᠠᠨ ᠳᠠᠭᠠᠭᠠᠵᠤ ᠵᠠᠷᠤᠳᠠᠯ ᠲᠤᠰᠢᠶᠠᠬᠤ ᠶᠢ ᠰᠣᠩᠭᠤᠬᠤ→ ᠵᠠᠷᠤᠳᠠᠯ ᠲᠤᠰᠢᠶᠠᠬᠤ ᠣᠨ ᠢ ᠰᠣᠩᠭᠤᠬᠤ ᠲᠤᠪᠴᠢ ᠶᠢ ᠲᠤᠪᠴᠢᠳᠠᠨ 2024 ᠤᠨ ᠢ ᠨᠤᠳᠠᠯᠠᠬᠤ→ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠤᠰᠢᠶᠠᠪᠠᠯ ᠵᠣᠬᠢᠬᠤ ᠵᠣᠭᠤᠰ ᠤᠨ ᠲᠤᠭ᠎ᠠ ᠨᠢ 400 ᠲᠥᠭᠦᠷᠢᠭ ᠢ ᠰᠣᠩᠭᠤᠨ᠎ᠠ ︵ᠣᠨᠴᠠᠭᠠᠶ ᠰᠠᠭᠤᠭᠠᠯᠢ ᠠᠷᠠᠳ ᠣᠨᠴᠠ ᠬᠦᠴᠢᠷᠳᠡᠯ ᠲᠠᠢ ᠬᠥᠮᠥᠰ ᠠᠴᠠ ᠪᠤᠰᠤᠳ ᠨᠢ 220 ᠲᠥᠭᠦᠷᠢᠭ   ᠢ ᠰᠣᠩᠭᠤᠨ᠎ᠠ︶ ︱ ᠨᠤᠳᠠᠯᠠᠵᠤ  ᠲᠤᠭᠳᠠᠭᠠᠬᠤ ︱ ᠲᠤᠰᠢᠶᠠᠬᠤ + ᠰᠦᠢᠳᠬᠡᠯ ᠲᠤᠰᠢᠶᠠᠭᠰᠠᠨ ᠢ ᠨᠤᠲᠠᠯᠠᠬᠤ→ ︽ᠡᠭᠦᠯᠡᠨ ᠰᠦᠢᠳᠬᠡᠯ ᠲᠤᠰᠢᠶᠠᠬᠤ ᠠᠯᠪᠠᠨ ᠤ ᠲᠠᠯ᠎ᠠ ᠶᠢᠨ ᠲᠠᠪᠴᠠᠩ︾→ ᠵᠥᠪᠰᠢᠶᠡᠷᠡᠬᠦ ︱ ᠲᠤᠳᠤᠯᠠᠬᠤ —  ᠲᠤᠰᠢᠶᠠᠬᠤ ︱ ᠲᠠᠷᠤᠢ ᠳᠤᠨᠢ ᠲᠤᠰᠢᠶᠠᠬᠤ ︱ ᠠᠮᠵᠢᠯᠳᠡ ᠲᠠᠢ ᠪᠠᠷ ᠵᠣᠭᠤᠰ ᠲᠤᠰᠢᠶᠠᠭᠰᠠᠨ — ᠰᠦᠢᠳᠬᠡᠯ ᠲᠤᠰᠢᠶᠠᠵᠤ ᠪᠠᠷᠠᠭᠰᠠᠨ ᠢ ᠬᠠᠷᠠᠭᠤᠯᠤᠨ᠎ᠠ᠃   ︵ᠬᠤᠶᠠᠷ︶ ᡁᠢ ᠹᠦ᠋ ᠪᠤᠤ ᠪᠠᠷ ᠰᠦᠢᠳᠬᠡᠯ ᠲᠤᠰᠢᠶᠠᠬᠤ᠄ ︽ᠬᠤᠲᠠ ᠶᠢᠨ ᠠᠷᠠᠳ ᠤᠨ ᠲᠥᠪ ᠤᠨ ᠨᠡᠶᠢᠭᠡᠮ ᠤᠨ ᠳᠠᠭᠠᠳᠬᠠᠯ ᠤᠨ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ︵ᠡᠮᠴᠢᠯᠡᠭᠡᠨ ᠤ ᠳᠠᠭᠠᠳᠬᠠᠯ︶ ᠤᠨ ᠰᠦᠢᠳᠬᠡᠯ ᠢ ᠮᠡᠳᠡᠭᠦᠯᠦᠨ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃     ︵ᠭᠤᠷᠪᠠ︶ ᠥᠪᠥᠷ ᠮᠣᠩᠭᠤᠯ ᠤᠨ ᠲᠦᠷᠭᠡᠨ ᠭᠦᠢᠴᠡᠳᠭᠡᠭᠦᠷ ᠢᠶᠠᠷ ᠰᠦᠢᠳᠬᠡᠯ ᠲᠤᠰᠢᠶᠠᠬᠤ    ᠠᠷᠭ᠎ᠠ ᠨᠢᠭᠡ᠄ ᠥᠪᠥᠷ ᠮᠣᠩᠭᠤᠯ ᠤᠨ ᠲᠦᠷᠭᠡᠨ ᠭᠦᠢᠴᠡᠳᠭᠡᠭᠦᠷ ᠤᠨ ᠲᠦᠷᠦᠭᠦᠸ ᠨᠢᠭᠤᠷ ᠲᠠᠬᠢ ︽ᠨᠡᠶᠢᠭᠡᠮ ᠤᠨ ᠳᠠᠭᠠᠳᠬᠠᠯ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ︾ ᠲᠠᠪᠴᠠᠩ ᠢᠶᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠢ ᠭᠤᠶᠤᠴᠢᠯᠠᠨ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃    ᠠᠷᠭ᠎ᠠ ᠬᠤᠶᠠᠷ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠲᠠᠪᠴᠠᠩ ᠢ ᠬᠠᠶᠢᠵᠤ᠂ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠲᠤᠰᠢᠶᠠᠬᠤ ᠪᠠᠷ ᠮᠡᠳᠡᠭᠦᠯᠵᠦ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃    ᠠᠷᠭ᠎ᠠ ᠭᠤᠷᠪᠠ᠄ ︽ᠦᠢᠯᠡᠴᠢᠯᠡᠭᠡ ︱ ᠲᠠᠪᠤᠨ ᠳᠠᠭᠠᠳᠬᠠᠯ ᠨᠢᠭᠡ ᠮᠥᠩᠭᠦ ︱ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠢ ᠮᠡᠳᠡᠭᠦᠯᠦᠨ ᠲᠤᠰᠢᠶᠠᠵᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠭᠠᠷᠭᠠᠵᠤ ᠠᠪᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号