ᠦᠰᠦᠭ ᠪᠢᠴᠢᠭ ᠤᠨ ᠲᠠᠶᠢᠯᠤᠮᠵᠢ᠄ ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠯᠡᠬᠦ ᠶᠢ ᠡᠬᠢᠯᠡᠵᠦ ᠲᠦᠯᠦᠬᠦ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/3
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ        ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ        ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠯᠡᠬᠦ ᠶᠢ ᠡᠬᠢᠯᠡᠵᠦ        ᠲᠦᠯᠦᠬᠦ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ᠄     ︽ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠥᠬᠦ ᠣᠷᠣᠨ ᠤ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠯᠡᠬᠦ ᠶᠢ ᠡᠬᠢᠯᠡᠵᠦ ᠲᠦᠯᠦᠬᠦ ᠪᠠᠷᠢᠮᠵᠢᠶ᠎ᠠ ᠶᠢ ᠲᠤᠤᠷᠠᠬᠢ ᠮᠡᠳᠦ ᠮᠡᠳᠡᠭᠳᠡᠶ᠎ᠡ᠄      ᠨᠢᠭᠡ᠂ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠬᠦᠳᠡᠨ ᠡᠮᠴᠢᠯᠡᠭᠡᠨ ᠤ ᠨᠢᠭᠡᠳᠦᠯᠲᠡᠢ ᠲᠦᠯᠦᠪᠯᠡᠬᠦ ᠶᠢ ᠡᠬᠢᠯᠡᠵᠦ ᠲᠥᠯᠥᠬᠦ ᠪᠠᠷᠢᠮᠵᠢᠶ᠎ᠠ      2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠣᠷᠣᠨ ᠤ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠯᠡᠬᠦ ᠶᠢ  ᠡᠬᠢᠯᠡᠵᠦ ᠲᠦᠯᠦᠬᠦ ᠪᠠᠷᠢᠮᠵᠢᠶ᠎ᠠ ᠳᠤ ᠲᠤᠬᠢᠷᠠᠭᠤᠯᠤᠯᠳᠠ ᠬᠢᠪᠡ᠃     ︵ᠨᠢᠭᠡ︶ ᠠᠵᠢᠯ ᠳᠤ ᠪᠠᠶᠢᠭ᠎ᠠ ᠠᠵᠢᠯᠲᠠᠨ ᠤ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠤᠨ ᠣᠨ ᠤ ᠡᠬᠢᠯᠡᠵᠦ ᠲᠥᠯᠥᠬᠦ ᠪᠠᠷᠢᠮᠵᠢᠶ᠎ᠠ ᠶᠢ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ︵ᠵᠢᠴᠢ ᠲᠡᠭᠦᠨ ᠠᠴᠠ ᠳᠣᠷᠣᠭᠰᠢᠬᠢ︶ ᠤᠨ ᠡᠮᠴᠢᠯᠡᠭᠡᠨ ᠤ ᠪᠠᠶᠢᠭᠤᠯᠤᠮᠵᠢ ᠲᠣᠰ ᠲᠣᠰ 500 ᠲᠦᠭᠦᠷᠢᠭ᠂ 300 ᠲᠥᠭᠦᠷᠢᠭ᠂ 200 ᠲᠥᠭᠦᠷᠢᠭ ᠪᠣᠯᠭᠠᠨ ᠲᠣᠬᠢᠷᠠᠭᠤᠯᠤᠨ᠎ᠠ᠃ ᠡᠬᠢᠯᠡᠵᠦ ᠲᠦᠯᠦᠬᠦ ᠪᠠᠷᠢᠮᠵᠢᠶ᠎ᠠ ᠶᠢ ᠠᠶᠠᠨᠳᠠᠭᠠᠨ ᠤ ᠣᠨ ᠢᠶᠠᠷ ᠨᠡᠶᠢᠯᠡᠭᠦᠯᠦᠨ ᠪᠣᠳᠣᠨ᠎ᠠ᠂ ᠬᠠᠮᠤᠭ ᠥᠨᠳᠥᠷ ᠲᠡᠭᠡᠨ 500 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃      ︵ᠬᠤᠶᠠᠷ︶ ᠠᠵᠢᠯ ᠠᠴᠠ ᠪᠠᠨ ᠠᠮᠠᠷᠠᠭᠰᠠᠳ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠤᠨ ᠣᠨ ᠤ ᠡᠬᠢᠯᠡᠵᠦ ᠲᠥᠯᠥᠬᠦ ᠪᠠᠷᠢᠮᠵᠢᠶ᠎ᠠ ᠶᠢ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ︵ᠵᠢᠴᠢ ᠲᠡᠭᠦᠨ ᠠᠴᠠ ᠳᠣᠷᠣᠭᠰᠢᠬᠢ︶ ᠤᠨ ᠡᠮᠴᠢᠯᠡᠭᠡᠨ ᠤ ᠪᠠᠶᠢᠭᠤᠯᠤᠮᠵᠢ ᠲᠤᠰ ᠲᠤᠰ 300 ᠲᠥᠭᠦᠷᠢᠭ᠂ 200 ᠲᠥᠭᠦᠷᠢᠭ᠂ 50 ᠲᠥᠭᠦᠷᠢᠭ ᠪᠣᠯᠭᠠᠨ ᠲᠣᠬᠢᠷᠠᠭᠤᠯᠤᠨ᠎ᠠ᠃ ᠡᠬᠢᠯᠡᠵᠦ ᠥᠭᠬᠦ ᠪᠠᠷᠢᠮᠵᠢᠶ᠎ᠠ ᠶᠢ ᠠᠶᠠᠨᠳᠠᠭᠠᠨ ᠤ ᠣᠨ ᠢᠶᠠᠷ ᠨᠡᠶᠢᠯᠡᠭᠦᠯᠦᠨ ᠪᠣᠳᠣᠨ᠎ᠠ᠂ ᠬᠠᠮᠤᠭ ᠥᠨᠳᠥᠷ ᠲᠡᠭᠡᠨ 300 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃       ᠬᠤᠶᠠᠷ᠂ ᠪᠤᠰᠤᠳ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠢ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠲᠥᠰᠥᠪ ᠤᠨ ᠬᠠᠮᠢᠶᠠᠷᠤᠯᠲᠠ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ᠂ ᠭᠠᠷᠲᠠᠨ ᠭᠦᠢᠴᠡᠳᠬᠡᠬᠦ ᠦᠢᠯᠡᠴᠢᠯᠡᠭᠡ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃     ︵ᠬᠤᠶᠠᠷ︶ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠤᠭᠤᠳ ᠥᠭᠡᠷᠡᠴᠢᠯᠡᠯᠲᠡ ᠶᠢᠨ ᠳᠤᠮᠳᠠᠬᠢ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢᠨ ᠲᠣᠭᠲᠠᠭᠤᠨ ᠢᠶᠠᠷ ᠰᠢᠯᠵᠢᠬᠦ᠂ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ      ︵ᠭᠤᠷᠪᠠ︶ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠬᠢᠨ ᠪᠠᠷᠢᠮᠵᠢᠶ᠎ᠡ ᠶᠢ ᠲᠣᠬᠢᠷᠠᠭᠤᠯᠬᠤ ᠠᠵᠢᠯ ᠤᠨ ᠳᠠᠯᠳᠠ ᠲᠦᠭᠰᠢᠭᠦᠷᠢ ᠶᠢᠨ ᠴᠡᠭ ᠪᠠ ᠬᠤᠯᠪᠣᠭᠳᠠᠬᠤ ᠡᠳᠡᠭᠡᠳ ᠢ ᠨᠠᠷᠢᠨ ᠬᠢᠨᠠᠮᠠᠭᠠᠢ ᠰᠤᠳᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠴᠢᠩᠭ᠎ᠠ ᠬᠢᠨᠠᠨ ᠡᠵᠡᠮᠳᠡᠵᠦ᠂ ᠲᠦᠭᠰᠢᠭᠦᠷᠢ ᠶᠢ ᠲᠣᠬᠢᠲᠠᠢ ᠠᠷᠢᠯᠭᠠᠨ ᠰᠢᠢᠳᠪᠦᠷᠢᠯᠡᠬᠦ ᠬᠡᠷᠡᠭᠲᠡᠢ᠃      ︵ᠳᠥᠷᠪᠡ︶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠤᠬᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠬᠠᠭᠤᠯᠬᠤ ᠠᠷᠭ᠎ᠠ ᠵᠠᠮ ᠢ ᠥᠷᠭᠡᠳᠬᠡᠨ᠂ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠤᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠲᠤᠬᠠᠢ ᠨᠡᠶᠢᠭᠡᠮ ᠤᠨ ᠬᠠᠮᠳᠤ ᠶᠢᠨ ᠲᠠᠨᠢᠯᠳᠠ ᠶᠢ ᠲᠦᠪᠯᠡᠷᠡᠬᠦᠯᠬᠦ ᠬᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号