ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠠᠳᠠᠷᠠᠭᠤᠯᠤᠨ | ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠠᠬᠢᠭᠤᠯᠤᠨ᠂ ᠪᠣᠯᠪᠠᠰᠤᠨ | ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠶᠢᠨ ᠲᠥᠯᠥᠭᠡ᠂ 2023 ᠣᠨ ᠤ 12 ᠰᠠᠷ᠎ᠠ ᠶᠢᠨ 28 ᠤ | ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠷᠭᠠᠯᠠᠩ ᠪᠠᠯᠭᠠᠰᠤᠨ ᠤ ᠴᠠᠰᠤᠨᠭᠡᠷ ᠭᠠᠴᠠᠭ᠎ᠠ ︽ | ᠬᠠᠭᠤᠴᠢᠨ ᠵᠠᠩ ᠳᠠᠳᠬᠠᠯ ᠢ ᠥᠭᠡᠷᠡᠴᠢᠯᠡᠨ ᠪᠣᠯᠪᠠᠰᠤᠨ ᠰᠢᠨ᠎ᠡ ᠰᠤᠷᠲᠠᠯ ᠢ ᠪᠣᠶᠢᠵᠢᠭᠤᠯᠬᠤ ᠶᠢ ᠠᠬᠢᠭᠤᠯᠬᠤ︾ | ᠭᠤᠣᠯ ᠰᠡᠳᠦᠪ ᠢᠶᠠᠷ ᠬᠠᠮᠲᠤ ᠶᠢᠨ ᠨᠠᠰᠤᠨ ᠪᠠᠶᠠᠷ ᠤᠨ ᠳᠠᠶᠢᠯᠠᠯᠭ᠎ᠠ ᠬᠢᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠰᠠᠶᠢᠬᠠᠨ ᠤ ᠰᠠᠶᠢᠨ ᠲᠤᠷᠠᠴᠤᠳ ︽ᠡᠷᠲᠡᠨ ᠤ ᠵᠡᠭᠦᠳᠦ | ︾ ᠭᠡᠬᠦ ᠮᠤᠷᠢᠨ ᠬᠤᠭᠤᠷ ᠤᠨ ᠬᠦᠭᠵᠢᠮ᠂ ︽ᠡᠨᠡᠷᠢᠩᠭᠦᠢ ᠡᠴᠢᠭᠡ︾᠂ ︽ᠬᠠᠨ ᠲᠡᠭᠷᠢ ᠠᠯᠠᠱᠠ︾ ᠵᠡᠷᠭᠡ ᠲᠠᠭᠤᠤ | ᠪᠡ ︽ᠡᠬᠡ ᠨᠤᠲᠤᠭ︾᠂ ︽ᠨᠠᠮ ᠤᠨ ᠠᠴᠢ ᠡᠨᠡᠷᠢᠯ ᠤᠨ ᠮᠠᠭᠲᠠᠭᠠᠯ︾᠂ ︽ᠵᠢᠷᠭᠠᠯᠠᠩ ᠤᠨ ᠮᠠᠭᠳᠠᠭᠠᠯ︾ ᠵᠡᠷᠭᠡ | ᠰᠢᠯᠦᠭ᠂ ᠬᠤᠯᠪᠤᠭ᠎ᠠ᠂ ᠲᠦᠷᠪᠡᠨ ᠤᠲᠠᠰᠤᠲᠤ ᠬᠤᠭᠤᠷ ᠤᠨ ᠦᠯᠢᠭᠡᠷ ᠵᠡᠷᠭᠡ ᠤᠷᠠᠨ ᠰᠠᠶᠢᠬᠠᠨ ᠤ ᠲᠣᠭᠯᠠᠯᠲᠠ | ᠭᠠᠷᠭᠠᠭᠰᠠᠨ ᠪᠠᠶᠢᠨ᠎ᠠ᠃ | ᠨᠠᠰᠤᠨ ᠪᠠᠶᠠᠷ ᠢᠶᠠᠨ ᠦᠩᠭᠡᠷᠡᠭᠡᠵᠦ ᠪᠠᠶᠢᠭ᠎ᠠ ᠬᠤ᠋ ᠱᠤ᠋ ᠹᠠᠩ ᠵᠡᠷᠭᠡ ᠨᠠᠰᠤᠲᠠᠨ᠄ ︽ᠡᠨᠡ ᠤᠳᠠᠭᠠᠨ ᠤ | ᠠᠵᠢᠯᠯᠠᠭ᠎ᠠ ᠮᠠᠰᠢ ᠰᠠᠶᠢᠨ᠂ ᠨᠠᠮ ᠳᠠᠭᠠᠨ ᠲᠠᠯᠠᠷᠬᠠᠵᠤ ᠪᠠᠶᠢᠨ᠎ᠠ᠂ ᠵᠠᠰᠠᠭ ᠤᠨ ᠣᠷᠳᠣᠨ ᠳᠤ ᠲᠠᠯᠠᠷᠬᠠᠵᠤ ᠪᠠᠶᠢᠨ᠎ᠠ︾ | ᠭᠡᠵᠦ ᠪᠠᠶᠠᠷᠯᠠᠨ ᠬᠡᠯᠡᠵᠡᠭᠡᠵᠦ ᠪᠠᠶᠢᠯ᠎ᠠ᠃ | ᠲᠣᠰ ᠤᠳᠠᠭᠠᠨ ᠤ ᠬᠠᠮᠲᠤ ᠶᠢᠨ ᠨᠠᠰᠤᠨ ᠪᠠᠶᠠᠷ ᠢ ᠠᠮᠵᠢᠯᠲᠠ ᠲᠠᠢ ᠡᠷᠭᠢᠯᠡᠭᠰᠡᠨ ᠨᠢ ᠨᠠᠰᠤᠲᠠᠶᠢᠴᠤᠳ ᠲᠤ ᠨᠠᠮ | ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠨᠡᠶᠢᠭᠡᠮ ᠤᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠦ | ᠂ ᠨᠠᠮ ᠤᠨ ᠭᠡᠰᠢᠭᠦᠨ ᠣᠯᠠᠨ ᠲᠦᠮᠡᠨ ᠤ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠦᠵᠡᠯ ᠤᠬᠠᠮᠰᠠᠷ ᠪᠠ ᠦᠶᠯᠡ | ᠠᠵᠢᠯᠯᠠᠭᠠᠨ ᠤ ᠬᠠᠮᠲᠤ ᠶᠢᠨ ᠲᠠᠨᠢᠯᠲᠠ ᠶᠢ ᠶᠡᠭᠡ ᠪᠠᠷ ᠨᠡᠮᠡᠭᠳᠡᠭᠦᠯᠵᠦ᠂ ᠬᠠᠮᠲᠤ ᠶᠢᠨ ᠨᠠᠰᠤᠨ ᠪᠠᠶᠠᠷ ᠢ ᠪᠡᠯᠭᠡᠯᠡᠬᠦ | ᠬᠡᠯᠪᠡᠷᠢ ᠨᠢ ᠨᠠᠩ ᠴᠤ ᠤᠯᠠᠮᠵᠢᠯᠠᠯᠲᠤ ︽ᠯᠠᠷᠵᠢᠶ᠎ᠠ ᠶᠠᠩᠪᠠ︾ ᠲᠠᠳᠠᠬᠤ ᠮᠠᠭᠤ ᠳᠠᠳᠬᠠᠯ ᠢ ᠡᠪᠳᠡᠵᠦ᠂ ᠬᠠᠭᠤᠴᠢᠨ | ᠵᠠᠩ ᠳᠠᠳᠬᠠᠯ ᠢ ᠦᠭᠡᠷᠡᠴᠢᠯᠡᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢ ᠠᠬᠢᠭᠤᠯᠬᠤ ᠶᠢ ᠠᠷᠠᠳ ᠤᠯᠠᠨ ᠤ | ᠰᠡᠳᠬᠢᠯ ᠳᠤ ᠬᠦᠨ ᠬᠠᠳᠠᠩᠰᠢᠭᠤᠯᠤᠭᠰᠠᠨ ᠪᠠᠶᠢᠨ᠎ᠠ᠃ | |