| | | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ | ᠣᠯᠠᠨ ᠪᠡᠶᠡᠴᠢ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ | ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠲᠦᠷᠭᠡᠭᠡᠨ ᠪᠠᠶᠢᠭᠤᠯᠬᠤ ᠶᠢ | ᠳᠡᠮᠵᠢᠵᠦ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ ᠪᠤᠶᠢᠵᠢᠭᠤᠯᠤᠨ ᠬᠥᠭᠵᠢᠭᠦᠯᠵᠦ᠂ ᠬᠡᠷ ᠪᠠᠶᠢᠰᠢᠩ | ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠲᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠤᠰᠠᠳᠠ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠬᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠮᠥᠩᠭᠦᠨ ᠬᠦᠢᠯᠭᠡᠭᠡᠨ ᠢᠶᠠᠷ ᠣᠷᠣᠨ ᠰᠠᠭᠤᠴᠠ ᠲᠦᠷᠢᠶᠡᠰᠦᠯᠡᠬᠦ | ᠵᠠᠬ᠎ᠠ ᠳᠡᠯᠭᠡᠭᠦᠷ ᠤᠨ ᠬᠥᠭᠵᠢᠯᠲᠡ ᠶᠢ ᠳᠡᠮᠵᠢᠬᠦ ᠲᠤᠬᠠᠶ ᠰᠠᠨᠠᠯ ᠢ ᠨᠡᠶᠢᠲᠡᠯᠡᠵᠦ᠂ 2024 ᠣᠨ ᠤ 2 ᠰᠠᠷ᠎ᠠ ᠶᠢᠨ | 5 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠤᠢ᠃ | ︵ᠨᠢᠭᠡ︶ ᠣᠷᠣᠨ ᠰᠠᠭᠤᠴᠠ ᠲᠦᠷᠢᠶᠡᠰᠦᠯᠡᠬᠦ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠳᠡᠮᠵᠢᠨ᠎ᠡ᠃ | ︵ᠬᠤᠶᠠᠷ︶ ᠥᠪᠡᠰᠦᠪᠡᠨ ᠠᠳᠠᠯ ᠠᠬᠤᠶ ᠶᠢᠨ ᠲᠠᠯ᠎ᠠ ᠪᠠᠷ ᠲᠤᠰᠬᠠᠶᠢᠵᠢᠭᠰᠠᠨ᠂ ᠬᠡᠪᠴᠢᠶᠡᠵᠢᠭᠰᠡᠨ ᠣᠷᠣᠨ | ᠰᠠᠭᠤᠴᠠ ᠲᠦᠷᠢᠶᠡᠰᠦᠯᠡᠬᠦ ᠠᠵᠤ ᠠᠬᠤᠶᠢᠯᠠᠯ ᠤᠨ ᠬᠥᠭᠵᠢᠯᠲᠡ ᠶᠢ ᠭᠤᠤᠯᠳᠠᠯᠭ᠎ᠠ ᠲᠠᠢ ᠳᠡᠮᠵᠢᠨ᠎ᠡ | ︵ᠭᠤᠷᠪᠠ︶ ᠣᠷᠣᠨ ᠰᠠᠭᠤᠴᠠ ᠲᠦᠷᠢᠶᠡᠰᠦᠯᠡᠬᠦ ᠮᠥᠩᠭᠦᠨ ᠬᠦᠢᠯᠭᠡᠭᠡᠨ ᠤ ᠳᠡᠮᠵᠢᠯᠭᠡ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠦᠨ᠎ᠡ᠃ | ︵ᠲᠦᠷᠪᠡ︶ ᠣᠷᠣᠨ ᠰᠠᠭᠤᠴᠠ ᠲᠦᠷᠢᠶᠡᠰᠦᠯᠡᠬᠦ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ | ︵ᠲᠠᠪᠤ︶ ᠲᠦᠷᠢᠶᠡᠰᠦᠯᠡᠬᠦ ᠣᠷᠣᠨ ᠰᠠᠭᠤᠴᠠ ᠶᠢ ᠪᠦᠯᠬᠦᠮ ᠨᠡᠶᠢᠳᠡ ᠪᠠᠷ ᠢᠶᠠᠨ ᠪᠥᠭᠡᠮ ᠢᠶᠠᠷ ᠬᠤᠳᠠᠯᠳᠤᠨ | ᠠᠪᠬᠤ ᠵᠦᠶ ᠵᠣᠬᠢᠰᠲᠠᠶ ᠪᠠᠯᠠ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠵᠢᠷᠭᠤᠭ᠎ᠠ︶ ᠣᠷᠣᠨ ᠰᠠᠭᠤᠴᠠ ᠲᠦᠷᠢᠶᠡᠰᠦᠯᠡᠬᠦ ᠡᠵᠡᠩᠨᠡᠯᠲᠡ ᠶᠢᠨ ᠴᠢᠨᠠᠷᠲᠠᠶ ᠵᠢᠭᠡᠯᠡᠯᠭᠡ ᠲᠠᠯᠪᠢᠬᠤ ᠶᠢ | ᠳᠡᠮᠵᠢᠨ᠎ᠡ᠃ | ︵ᠳᠣᠯᠤᠭ᠎ᠠ︶ ᠣᠷᠣᠨ ᠰᠠᠭᠤᠴᠠ ᠲᠦᠷᠢᠶᠡᠰᠦᠯᠡᠬᠦ ᠬᠠᠮᠢᠶ᠎ᠠ ᠪᠥᠬᠦᠶ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠮᠥᠩᠭᠦᠨ ᠬᠦᠢᠯᠭᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ | ︵ᠨᠠᠢᠮᠠ︶ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠣᠷᠣᠨ ᠰᠠᠭᠤᠴᠠ ᠲᠦᠷᠢᠶᠡᠰᠦᠯᠡᠬᠦ ᠵᠢᠭᠡᠯᠡᠯᠭᠡ | ᠲᠠᠯᠪᠢᠬᠤ ᠴᠢᠳᠠᠪᠤᠷᠢ ᠶᠢ ᠴᠢᠩᠭᠠᠷᠠᠭᠤᠯᠤᠨ᠎ᠠ᠃ | ︵ᠶᠢᠰᠦ︶ ᠣᠷᠣᠨ ᠰᠠᠭᠤᠴᠠ ᠲᠦᠷᠢᠶᠡᠰᠦᠯᠡᠬᠦ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠪᠠᠷ ᠪᠠᠯᠠ | ᠬᠤᠷᠠᠮᠳᠤᠭᠤᠯᠬᠤ ᠵᠠᠮ ᠮᠥᠷ ᠢ ᠥᠷᠭᠡᠳᠬᠡᠨ᠎ᠡ᠃ | ︵ᠠᠷᠪᠠ︶ ᠣᠷᠣᠨ ᠰᠠᠭᠤᠴᠠ ᠲᠦᠷᠢᠶᠡᠰᠦᠯᠡᠬᠦ ᠳᠠᠭᠠᠭᠠᠯᠲᠠ ᠶᠢᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ | ᠲᠠᠮᠵᠢᠨ᠎ᠠ᠃ | ︵ᠠᠷᠪᠠᠨ ᠨᠢᠭᠡ︶ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ | ᠨᠠᠶᠢᠳᠠᠯᠭ᠎ᠠ ᠶᠢᠨ ᠰᠠᠭᠤᠷᠢ ᠮᠥᠩᠭᠦ ᠶᠢ ᠯᠠᠪᠳᠠᠭᠤᠨ ᠢᠶᠠᠷ ᠬᠥᠭᠵᠢᠭᠦᠯᠤᠨ᠎ᠡ᠃ | ︵ᠠᠷᠪᠠᠨ ᠬᠤᠶᠠᠷ︶ ᠡᠯ᠎ᠡ ᠲᠥᠷᠥᠯ ᠤᠨ ᠨᠡᠶᠢᠭᠡᠮ ᠤᠨ ᠪᠠᠯᠠ ᠮᠥᠩᠭᠦ ᠶᠢ ᠬᠥᠲᠥᠯᠥᠨ ᠵᠢᠯᠣᠭᠤᠳᠴᠤ | ᠪᠠᠶᠢᠭᠠᠳ ᠣᠷᠣᠨ ᠰᠠᠭᠤᠴᠠ ᠲᠦᠷᠢᠶᠡᠰᠦᠯᠡᠬᠦ ᠬᠦᠷᠢᠶ᠎ᠡ ᠴᠠᠷᠠᠭ᠎ᠠ ᠳᠤ ᠡᠮᠬᠢ ᠵᠢᠷᠤᠮ ᠲᠠᠢ ᠪᠠᠷ ᠪᠠᠯᠠ | ᠣᠷᠣᠭᠤᠯᠤᠭᠤᠯᠤᠨᠠ᠃ | ︵ᠠᠷᠪᠠᠨ ᠭᠤᠷᠪᠠ︶ ᠣᠷᠣᠨ ᠰᠠᠭᠤᠴᠠ ᠲᠦᠷᠢᠶᠡᠰᠦᠯᠡᠬᠦ ᠮᠥᠩᠭᠦᠨ ᠬᠦᠢᠯᠭᠡᠭᠡᠨ ᠤ ᠲᠤᠬᠠᠶᠢᠯᠠᠭᠰᠠᠨ | ᠠᠵᠢᠯ ᠤᠨ ᠵᠠᠭᠠᠭ ᠬᠢᠵᠠᠭᠠᠷ ᠢ ᠴᠢᠩᠳᠠᠯᠠᠨ᠎ᠠ᠃ | ︵ᠠᠷᠪᠠᠨ ᠳᠥᠷᠪᠡ︶ ᠣᠷᠣᠨ ᠰᠠᠭᠤᠴᠠ ᠲᠦᠷᠢᠶᠡᠰᠦᠯᠡᠬᠦ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠲᠠᠪᠤ︶ ᠣᠷᠣᠨ ᠰᠠᠭᠤᠴᠠ ᠲᠦᠷᠢᠶᠡᠰᠦᠯᠡᠬᠦ ᠰᠢᠭᠤᠳ ᠪᠠᠯᠠ ᠬᠤᠷᠠᠮᠳᠤᠭᠤᠯᠭ᠎ᠠ ᠶᠢᠨ | ᠦᠢᠯᠡᠳᠭᠦᠨ ᠤ ᠰᠢᠨ᠎ᠡ ᠶᠢ ᠡᠭᠦᠳᠬᠦ ᠶᠢ ᠵᠢᠷᠤᠮᠵᠢᠭᠤᠯᠤᠨ᠎ᠠ᠃ ︵ᠠᠷᠪᠠᠨ ᠵᠢᠷᠭᠤᠭ᠎ᠠ︶ ᠣᠷᠣᠨ ᠰᠠᠭᠤᠴᠠ | ᠲᠦᠷᠢᠶᠡᠰᠦᠯᠡᠬᠦ ᠮᠥᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ᠎ᠡ᠃ | ︵ᠠᠷᠪᠠᠨ ᠳᠣᠯᠤᠭ᠎ᠠ︶ ᠣᠷᠣᠨ ᠰᠠᠭᠤᠴᠠ ᠲᠦᠷᠢᠶᠡᠰᠦᠯᠡᠬᠦ ᠮᠥᠩᠭᠦᠨ ᠬᠦᠢᠯᠭᠡᠭᠡᠨ ᠤ ᠬᠢᠨᠠᠨ ᠰᠢᠨᠵᠢᠵᠦ | ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃ | | ᠢᠷᠡᠯᠳᠡ ᠠᠷᠠᠳ ᠤᠨ ᠰᠦᠯᠵᠢᠶ᠎ᠡ |