ᠡᠨᠡ ᠵᠢᠯ ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠳᠤ ᠪᠤᠴᠠᠭᠠᠬᠤ ᠳᠤ ᠶᠠᠭᠤ ᠶᠢ ᠠᠩᠬᠠᠷᠬᠤ ᠴᠢᠬᠤᠯᠠ ᠲᠠᠢ ᠪᠤᠢ
ᠨᠡᠶᠢᠲᠡᠯᠡᠭᠰᠡᠨ ᠴᠠᠭ᠄
2024/10/10
    ᠮᠥᠨ ᠴᠦ ᠨᠢᠭᠡ ᠵᠢᠯ ᠤᠨ ᠡᠷᠳᠡᠨᠢ ᠰᠢᠰᠢ ᠶᠢᠨ ᠬᠤᠷᠢᠶᠠᠯᠲᠠ ᠶᠢᠨ ᠤᠯᠠᠷᠢᠯ ᠪᠤᠯᠤᠯ᠎ᠠ᠂ ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠳᠤ ᠪᠤᠴᠠᠭᠠᠬᠤ ᠶᠠᠪᠤᠳᠠᠯ ᠢ ᠲᠠᠷᠢᠶᠠᠴᠢᠳ ᠢᠳᠡᠭ ᠢᠳᠡᠭ ᠢᠶᠠᠷ ᠭᠥᠯᠢᠶᠡᠨ ᠠᠪᠤᠭᠰᠠᠨ ᠪᠣᠯᠪᠠᠴᠤ ᠬᠡᠰᠡᠭ ᠲᠠᠷᠢᠶᠠᠴᠢᠳ ᠡᠨᠡ ᠬᠦ ᠮᠡᠷᠭᠡᠵᠢᠯ ᠢ ᠪᠥᠬᠦ ᠲᠠᠯ᠎ᠠ ᠪᠠᠷ ᠡᠵᠡᠮᠰᠢᠭᠰᠡᠨ ᠦᠭᠡᠢ ᠪᠤᠯᠬᠤᠷ ᠬᠡᠷᠡᠭᠯᠡᠭᠡᠨ ᠤ ᠳᠤᠮᠳᠠ ᠵᠠᠷᠢᠮ ᠠᠰᠠᠭᠤᠳᠠᠯ ᠢᠯᠡᠷᠡᠵᠦ᠂ ᠴᠢᠨᠠᠭᠰᠢᠯᠠᠪᠠᠯ ᠰᠥᠭᠡᠷᠭᠦ ᠦᠢᠯᠡᠳᠦᠯ ᠭᠠᠷᠭᠠᠵᠤ᠂ ᠬᠡᠰᠡᠭ ᠲᠠᠷᠢᠶᠠᠨ ᠳᠤ ᠡᠷᠳᠡᠨᠢ ᠰᠢᠰᠢ ᠶᠢᠨ ᠴᠢᠬᠢᠯᠡᠬᠦ ᠨᠣᠷᠮ᠎ᠠ ᠳᠣᠣᠷ᠎ᠠ᠂ ᠴᠢᠬᠢ ᠰᠢᠷᠠᠯᠠᠵᠤ᠂ ᠴᠢᠬᠢ ᠪᠠᠭᠤᠷᠠᠢ ᠴᠢᠨᠠᠭᠰᠢᠯᠠᠪᠠᠯ ᠴᠢᠬᠢ ᠦᠬᠦᠬᠦ ᠦᠵᠡᠭᠳᠡᠯ ᠢᠯᠡᠷᠡᠭᠰᠡᠨ ᠪᠠᠶᠢᠨ᠎ᠠ᠃ ᠵᠠᠳᠠᠯᠤᠭᠰᠠᠨ ᠢᠶᠠᠷ᠂ ᠭᠤᠣᠯ ᠰᠢᠯᠲᠠᠭᠠᠨ ᠨᠢ ᠨᠡᠭᠦᠷᠡᠰᠦᠲᠥ᠋ᠷᠥᠭᠴᠢ ᠠᠽᠣᠲ ᠤᠨ ᠬᠠᠷᠢᠴᠠᠯ ᠲᠡᠩᠴᠡᠭᠦᠷᠢ ᠪᠠᠨ ᠠᠯᠳᠠᠵᠤ᠂ ᠡᠰᠢ ᠰᠦᠷᠡᠯ ᠢ ᠬᠡᠲᠦ ᠪᠦᠳᠦᠭᠦᠨ ᠬᠡᠮᠬᠡᠯᠵᠦ᠂ ᠬᠥᠷᠥᠰᠥ ᠰᠢᠷᠣᠢ ᠶᠢ ᠬᠡᠲᠦ ᠰᠤᠯᠠ ᠪᠣᠯᠭᠠᠭᠰᠠᠨ ᠠᠴᠠ ᠪᠣᠯᠵᠠᠢ᠂ ᠡᠶᠢᠮᠦ ᠠᠴᠠ ᠦᠢᠯᠡᠳᠪᠦᠷᠢᠯᠡᠯ ᠤᠨ ᠲᠠᠯ᠎ᠠ ᠪᠠᠷ ᠰᠡᠷᠭᠡᠶᠢᠯᠡᠬᠦ ᠬᠡᠷᠡᠭᠲᠡᠢ᠃
  今年玉米秸秆还田.jpg
       ᠨᠡᠭᠦᠷᠡᠰᠦᠲᠥ᠋ᠷᠥᠭᠴᠢ ᠠᠽᠣᠲ ᠤᠨ ᠬᠠᠷᠢᠴᠠᠯ ᠵᠣᠬᠢᠴᠠᠯ ᠢᠶᠠᠨ ᠠᠯᠳᠠᠬᠤ ᠶᠢ ᠰᠡᠷᠭᠡᠶᠢᠯᠡᠬᠦ     ᠬᠥᠷᠥᠰᠥᠨ ᠤ ᠮᠢᠺᠷᠣᠪ ᠲᠠᠷᠢᠮᠠᠯ ᠤᠨ ᠡᠰᠢ ᠰᠦᠷᠡᠯ ᠢ ᠵᠠᠳᠠᠷᠠᠭᠤᠯᠬᠤ ᠳᠠᠭᠠᠨ ᠵᠣᠬᠢᠬᠤ ᠬᠡᠮᠵᠢᠶᠡᠨ ᠤ ᠠᠽᠣᠲ ᠡᠳ᠋ ᠢ ᠬᠡᠷᠡᠭᠰᠡᠵᠦ᠂ ᠲᠠᠷᠢᠮᠠᠯ ᠤᠨ ᠨᠢᠯᠬ᠎ᠠ ᠴᠢᠬᠢ ᠲᠠᠢ ᠬᠥᠷᠥᠰᠥᠨ ᠳᠠᠬᠢ ᠲᠦᠷᠭᠡᠨ ᠦᠢᠯᠡᠳᠦᠯᠳᠦ ᠠᠽᠣᠲ ᠡᠳ᠋ ᠢ ᠪᠤᠯᠢᠶᠠᠯᠳᠤᠬᠤ ᠦᠵᠡᠭᠳᠡᠯ ᠠᠮᠠᠷᠬᠠᠨ ᠭᠠᠷᠳᠠᠭ᠃ ᠡᠷᠳᠡᠨᠢ ᠰᠢᠰᠢ ᠶᠢᠨ ᠡᠰᠢ ᠰᠦᠷᠡᠯ ᠤᠨ ᠨᠡᠭᠦᠷᠡᠰᠦᠲᠥ᠋ᠷᠥᠭᠴᠢ ᠠᠽᠣᠲ ᠤᠨ ᠬᠠᠷᠢᠴᠠᠯ ᠨᠢ 65 ~ 85᠄ 1᠂ ᠬᠠᠷᠢᠨ ᠮᠢᠺᠷᠣᠪ ᠤᠨ ᠠᠵᠢᠯᠯᠠᠭ᠎ᠠ ᠳᠤ ᠲᠣᠬᠢᠷᠠᠬᠤ ᠨᠡᠭᠦᠷᠡᠰᠦᠲᠥ᠋ᠷᠥᠭᠴᠢ ᠠᠽᠣᠲ ᠤᠨ ᠬᠠᠷᠢᠴᠠᠯ ᠨᠢ 25᠄ 1᠂ ᠡᠰᠢ ᠰᠦᠷᠡᠯ ᠢ ᠲᠠᠷᠢᠶᠠᠨ ᠳᠤ ᠣᠷᠣᠭᠤᠯᠤᠭᠰᠠᠨ ᠤ ᠳᠠᠷᠠᠭ᠎ᠠ ᠬᠥᠷᠥᠰᠥᠨ ᠳᠤ ᠠᠽᠣᠲ ᠡᠳ᠋ ᠬᠦᠷᠦᠯᠴᠡᠬᠦ ᠦᠭᠡᠢ ᠪᠣᠯ ᠮᠢᠺᠷᠣᠪ ᠲᠠᠷᠢᠮᠠᠯ ᠲᠠᠢ ᠠᠽᠣᠲ ᠡᠳ᠋ ᠢ ᠪᠤᠯᠢᠶᠠᠯᠳᠤᠵᠤ᠂ ᠡᠷᠳᠡᠨᠢ ᠰᠢᠰᠢ ᠶᠢᠨ ᠴᠢᠬᠢ ᠨᠢ ᠠᠽᠣᠲ ᠳᠤᠲᠠᠭᠳᠠᠨ ᠰᠢᠷᠠᠯᠠᠵᠤ᠂ ᠲᠤᠷᠠᠩᠬᠠᠢ᠂ ᠥᠰᠦᠯᠲᠡ ᠨᠢ ᠮᠠᠭᠤ ᠪᠣᠯᠳᠠᠭ᠃ ᠰᠢᠢᠳᠪᠦᠷᠢᠯᠡᠬᠦ ᠠᠷᠭ᠎ᠠ᠄ ᠡᠰᠢ ᠰᠦᠷᠡᠯ ᠢ ᠬᠡᠮᠬᠡᠯᠦᠭᠰᠡᠨ ᠤ ᠳᠠᠷᠠᠭ᠎ᠠ᠂ ᠡᠰᠢ ᠰᠦᠷᠡᠯ ᠤᠨ ᠥᠩᠭᠡᠨ ᠲᠠᠯ᠎ᠠ ᠳᠤ ᠮᠦ ᠪᠦᠷᠢ 50 ᠺᠢᠯᠣᠭ᠍ᠷᠠᠮ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ ᠪᠤᠶᠤ 20 ᠺᠢᠯᠣᠭ᠍ᠷᠠᠮ ᠰᠢᠭᠡᠰᠦᠯᠢᠭ ᠡᠳ᠋ ᠢ ᠰᠠᠴᠤᠵᠤ᠂ ᠳᠠᠬᠢᠨ ᠬᠠᠭᠠᠯᠪᠤᠷᠢᠯᠠᠨ ᠤᠷᠪᠠᠭᠤᠯᠵᠤ ᠪᠣᠯᠣᠨ᠎ᠠ᠃          ᠡᠰᠢ ᠰᠦᠢᠷᠡᠯ ᠢ ᠬᠡᠲᠦ ᠪᠦᠳᠦᠬᠦᠯᠢᠭ ᠬᠡᠮᠬᠡᠯᠬᠦ ᠠᠴᠠ ᠰᠡᠷᠭᠡᠶᠢᠯᠡᠬᠦ    ᠡᠰᠢ ᠰᠦᠷᠡᠯ ᠢ ᠬᠡᠮᠬᠡᠯᠦᠭᠰᠡᠨ ᠤ ᠳᠠᠷᠠᠭ᠎ᠠ ᠡᠷᠬᠡᠪᠰᠢ ᠬᠦᠨᠳᠦ ᠬᠡᠯᠪᠡᠷᠢ ᠶᠢᠨ ᠲᠣᠭᠤᠷᠢᠭ ᠨᠠᠷᠬ᠎ᠠ ᠪᠠᠷ ᠬᠤᠶᠠᠷ ᠤᠳᠠᠭ᠎ᠠ ᠨᠠᠷᠬᠠᠳᠠᠵᠤ᠂ ᠡᠰᠢ ᠰᠦᠷᠡᠯ ᠪᠠ ᠦᠨᠳᠦᠰᠦ ᠶᠢᠨ ᠭᠤᠤᠷᠰᠤ ᠶᠢ ᠤᠯᠠᠮ ᠨᠢᠭᠡ ᠠᠯᠬᠤᠮ ᠬᠡᠷᠴᠢᠵᠦ᠂ ᠨᠠᠷᠬᠠᠳᠠᠭᠰᠠᠨ ᠤ ᠳᠠᠷᠠᠭ᠎ᠠ ᠴᠠᠭ ᠲᠤᠬᠠᠢ ᠳᠤᠨᠢ ᠭᠦᠨ ᠤᠷᠪᠠᠭᠤᠯᠬᠤ ᠪᠤᠶᠤ ᠳᠠᠷᠤᠵᠤ᠂ ᠬᠥᠷᠥᠰᠥ ᠶᠢ ᠬᠡᠮᠬᠡᠯᠵᠦ ᠴᠢᠭᠢᠭ ᠢ ᠬᠠᠮᠠᠭᠠᠯᠠᠨ᠂ ᠡᠰᠢ ᠰᠦᠷᠡᠯ᠂ ᠪᠣᠷᠳᠣᠭᠤᠷ ᠢ ᠬᠥᠷᠥᠰᠥᠨ ᠳᠤ ᠬᠤᠯᠢᠵᠤ᠂ 3 —10 ᠰᠠᠨᠲ᠋ᠢᠮᠧᠲᠷ ᠤᠨ ᠬᠥᠷᠥᠰᠥᠨ ᠤ ᠳᠠᠪᠬᠤᠷᠭ᠎ᠠ ᠳᠤ ᠲᠠᠷᠬᠠᠨ᠎ᠠ᠃ ᠤᠷᠪᠠᠭᠤᠯᠬᠤ ᠶᠢ ᠭᠡᠭᠡᠭᠳᠡᠬᠦᠯᠬᠦ ᠦᠭᠡᠢ᠂ ᠪᠦᠷᠬᠦᠴᠡ ᠶᠢ ᠨᠢ ᠴᠢᠩᠭ᠎ᠠ ᠪᠠᠶᠢᠯᠭᠠᠵᠤ᠂ ᠰᠢᠮ᠎ᠡ ᠲᠡᠵᠢᠭᠡᠯ ᠢ ᠨᠢ ᠰᠠᠷᠨᠢᠭᠤᠯᠬᠤ ᠠᠴᠠ ᠰᠡᠷᠭᠡᠶᠢᠯᠡᠬᠦ ᠬᠡᠷᠡᠭᠲᠡᠢ᠃ ᠳᠠᠷᠢᠭᠰᠠᠨ ᠤ ᠲᠠᠷᠠᠭ᠎ᠠ ᠨᠠᠷᠬᠠᠳᠠᠵᠤ ᠲᠡᠭᠰᠢᠯᠡᠭᠡᠳ ᠲᠠᠷᠢᠬᠤ ᠳᠤ ᠠᠰᠢᠭᠲᠠᠢ ᠪᠣᠯᠭᠠᠬᠤ ᠬᠡᠷᠡᠭᠲᠡᠢ᠃ ᠵᠠᠷᠢᠮ ᠲᠠᠷᠢᠶᠠᠨ ᠳᠠᠬᠢ ᠬᠡᠮᠬᠡᠯᠦᠭᠰᠡᠨ ᠤ ᠲᠠᠷᠠᠭᠠᠬᠢ ᠡᠰᠢ ᠰᠦᠷᠡᠯ ᠨᠢ ᠬᠡᠲᠦᠷᠬᠡᠢ ᠣᠷᠳᠣ᠂ ᠣᠷᠳᠣ ᠨᠢ 10 ᠰᠠᠨᠲ᠋ᠢᠮᠧᠲᠷ ᠠᠴᠠ ᠶᠡᠭᠡ ᠪᠠᠶᠢᠪᠠᠯ᠂ ᠬᠠᠭᠠᠯᠪᠤᠷᠢᠯᠠᠨ ᠤᠷᠪᠠᠭᠤᠯᠬᠤ ᠳᠤ ᠠᠰᠢᠭ ᠦᠭᠡᠢ᠂ ᠳᠠᠷᠢᠬᠤ ᠶᠢ ᠨᠥᠯᠥᠭᠡᠯᠡᠳᠡᠭ᠃      ᠬᠠᠭᠠᠯᠪᠤᠷᠢᠯᠠᠬᠤ ᠬᠡᠮᠵᠢᠶ᠎ᠡ ᠶᠢ ᠵᠣᠬᠢᠰᠲᠠᠢ ᠪᠠᠶᠢᠯᠭᠠᠬᠤ ᠬᠡᠷᠡᠭᠲᠡᠢ    ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠳᠤ ᠪᠤᠴᠠᠭᠠᠬᠤ ᠦᠶ᠎ᠡ ᠳᠤ᠂ ᠶᠡᠷᠦ ᠳᠡᠭᠡᠨ 10 ᠰᠠᠨᠲ᠋ᠢᠮᠧᠲᠷ ᠠᠴᠠ ᠳᠣᠷᠣᠭᠰᠢ ᠬᠥᠷᠥᠰᠥᠨ ᠤ ᠳᠠᠪᠬᠤᠷᠭ᠎ᠠ ᠳᠤ ᠪᠤᠯᠠᠵᠤ ᠲᠠᠯᠪᠢᠬᠤ ᠶᠢᠨ ᠬᠠᠮᠲᠤ ᠨᠠᠷᠬ᠎ᠠ ᠪᠠᠷ ᠲᠡᠭᠰᠢᠬᠡᠨ ᠳᠠᠷᠤᠨ᠎ᠠ᠃ ᠡᠭᠦᠨ ᠤ ᠬᠠᠮᠲᠤ ᠪᠠᠰᠠ ᠲᠤᠰ ᠲᠠᠷᠢᠶᠠᠨ ᠤ ᠡᠰᠢ ᠰᠦᠷᠡᠯ ᠢ ᠲᠤᠰ ᠲᠠᠷᠢᠶᠠᠨ ᠳᠤ ᠪᠤᠴᠠᠭᠠᠬᠤ ᠶᠢ ᠠᠩᠬᠠᠷᠬᠤ ᠬᠡᠷᠡᠭᠲᠡᠢ᠂ ᠲᠤᠰ ᠲᠠᠷᠢᠶᠠᠨ ᠤ ᠡᠰᠢ ᠰᠦᠷᠡᠯ ᠢ ᠪᠤᠰᠤᠳ ᠲᠠᠷᠢᠶᠠᠨ ᠳᠤ ᠪᠤᠴᠠᠭᠠᠵᠤ ᠪᠣᠯᠬᠤ ᠦᠭᠡᠢ᠃     ᠡᠰᠢ ᠰᠦᠷᠡᠯ ᠢ ᠲᠠᠷᠢᠶᠠᠨ ᠳᠤ ᠪᠤᠴᠠᠭᠠᠭᠰᠠᠨ ᠤ ᠳᠠᠷᠠᠭ᠎ᠠ᠂ ᠡᠰᠢ ᠰᠦᠷᠡᠯ ᠤᠨ ᠲᠣᠰ ᠪᠡᠶ᠎ᠡ ᠨᠢ ᠤᠰᠤ ᠰᠣᠷᠣᠬᠤ ᠪᠠ ᠮᠢᠺᠷᠣᠪ ᠵᠠᠳᠠᠷᠠᠵᠤ ᠤᠰᠤ ᠰᠣᠷᠣᠭᠰᠠᠨ ᠠᠴᠠ ᠬᠥᠷᠥᠰᠥᠨ ᠤ ᠤᠰᠤᠨ ᠤ ᠠᠭᠤᠯᠤᠭᠳᠠᠴᠠ ᠶᠢ ᠳᠣᠷᠣᠭᠰᠢᠯᠠᠭᠤᠯᠳᠠᠭ᠃ ᠡᠶᠢᠮᠦ ᠠᠴᠠ ᠴᠠᠭ ᠲᠤᠬᠠᠢ ᠳᠤᠨᠢ ᠤᠰᠤᠯᠠᠵᠤ᠂ ᠬᠥᠷᠥᠰᠥ ᠰᠢᠷᠣᠢ ᠶᠢᠨ ᠲᠣᠭᠲᠠᠭᠤᠨ ᠪᠠᠶᠢᠬᠤ ᠶᠢ ᠲᠦᠷᠭᠡᠳᠬᠡᠵᠦ᠂ ᠡᠰᠢ ᠰᠦᠷᠡᠯ ᠢ ᠬᠥᠷᠥᠰᠥ ᠲᠠᠢ ᠨᠢᠭᠲᠠ ᠬᠦᠷᠦᠯᠴᠡᠭᠦᠯᠵᠦ᠂ ᠬᠦᠨᠳᠡᠢ ᠭᠠᠷᠬᠤ ᠠᠴᠠ ᠰᠡᠷᠭᠡᠶᠢᠯᠡᠬᠦ ᠬᠡᠷᠡᠭᠲᠡᠢ᠃     ᠡᠰᠢ ᠰᠦᠷᠡᠯ ᠢ ᠲᠠᠷᠢᠶᠠᠨ ᠳᠤ ᠪᠤᠴᠠᠭᠠᠬᠤ ᠲᠤᠭ᠎ᠠ ᠬᠡᠮᠵᠢᠶ᠎ᠡ ᠶᠢ ᠤᠰᠤᠨ ᠤ ᠡᠬᠢ ᠰᠤᠷᠪᠤᠯᠵᠢ ᠪᠠ ᠲᠠᠷᠢᠶᠠᠯᠠᠬᠤ ᠨᠥᠬᠦᠴᠡᠯ ᠢ ᠦᠨᠳᠦᠰᠦᠯᠡᠨ ᠲᠣᠭᠲᠠᠭᠠᠨ᠎ᠠ᠂ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠤᠨ ᠲᠠᠷᠢᠶᠠᠨ ᠳᠤ ᠪᠤᠴᠠᠭᠠᠬᠤ ᠡᠰᠢ ᠰᠦᠷᠡᠯ ᠤᠨ ᠭᠦᠢᠴᠡᠳ ᠢᠯᠵᠢᠷᠡᠵᠤ᠂ ᠳᠠᠷᠢᠬᠤ ᠶᠢ ᠨᠥᠯᠥᠭᠡᠯᠡᠬᠦ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠂  ᠡᠰᠢ ᠰᠦᠷᠡᠯ ᠢ ᠲᠠᠷᠢᠶᠠᠨ ᠳᠤ ᠪᠤᠴᠠᠭᠠᠬᠤ ᠳᠤ ᠮᠤ᠋ ᠪᠦᠷᠢ ᠳᠤ 300 ︱ 400 ᠺᠢᠯᠣᠭ᠍ᠷᠠᠮ ᠪᠠᠶᠢᠯᠭᠠᠪᠠᠯ ᠵᠣᠬᠢᠰᠲᠠᠢ ᠂ ᠬᠡᠲᠦ ᠠᠷᠪᠢᠳᠪᠠᠯ ᠡᠷᠳᠡᠨᠢ ᠰᠢᠰᠢ ᠶᠢᠨ ᠦᠨᠳᠦᠰᠦᠨ ᠤ ᠰᠢᠰᠲ᠋ᠧᠮ ᠤᠨ ᠥᠰᠦᠯᠲᠡ ᠳᠤ ᠬᠤᠣᠷ ᠬᠥᠨᠥᠭᠡᠯ ᠤᠴᠠᠷᠠᠭᠤᠯᠬᠤ ᠪᠣᠯᠣᠨ᠎ᠠ᠃      ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠬᠡᠶᠢᠯᠡᠬᠦ    ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠳᠤ ᠪᠤᠴᠠᠭᠠᠬᠤ ᠳᠠᠭᠠᠨ ᠤᠷᠭᠤᠴᠠ ᠰᠠᠶᠢᠲᠠᠢ ᠡᠰᠢ ᠰᠦᠷᠡᠯ ᠢ ᠰᠣᠩᠭᠤᠨ ᠬᠡᠷᠡᠭᠯᠡᠵᠦ᠂ ᠡᠪᠡᠳᠴᠢᠨ ᠬᠤᠷᠣᠬᠠᠢ ᠶᠢᠨ ᠬᠥᠨᠥᠭᠡᠯ ᠲᠠᠢ ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠳᠤ ᠪᠤᠴᠠᠭᠠᠵᠤ ᠪᠣᠯᠬᠤ ᠦᠭᠡᠢ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠳᠡᠯᠭᠡᠷᠡᠬᠦ ᠪᠠ ᠲᠠᠷᠬᠠᠬᠤ ᠠᠴᠠ ᠵᠠᠶᠢᠯᠠᠰᠬᠢᠬᠦ ᠬᠡᠷᠡᠭᠲᠡᠢ᠃    ᠣᠨᠴᠠᠭᠠᠶᠢᠯᠠᠨ ᠰᠠᠨᠠᠭᠤᠯᠬᠤ ᠨᠢ᠄ ᠡᠪᠡᠳᠴᠢᠨ ᠬᠤᠷᠤᠬᠠᠢ ᠲᠠᠢ ᠡᠰᠢ ᠰᠦᠷᠡᠯ ᠢ ᠰᠢᠭᠤᠳ ᠲᠠᠷᠢᠶᠠᠨ ᠳᠤ ᠪᠤᠴᠠᠭᠠᠵᠤ ᠪᠣᠯᠬᠤ ᠦᠭᠡᠢ᠂ ᠡᠰᠡ ᠲᠡᠭᠡᠪᠡᠯ ᠳᠠᠷᠠᠭ᠎ᠠ ᠵᠢᠯ ᠤᠨ ᠬᠢᠨᠢ ᠵᠣᠨ ᠤ ᠤᠯᠠᠷᠢᠯ ᠳᠤ ᠡᠷᠳᠡᠨᠢ ᠰᠢᠰᠢ ᠳᠠᠷᠢᠪᠠᠯ ᠠᠮᠠᠷᠬᠠᠨ ᠡᠪᠡᠳᠴᠢᠨ ᠬᠤᠷᠤᠬᠠᠢ ᠶᠢᠨ ᠬᠤᠣᠷ ᠬᠥᠨᠥᠭᠡᠯ ᠡᠭᠦᠰᠦᠨ᠎ᠡ᠃ ᠡᠨᠡ ᠲᠥᠷᠥᠯ ᠤᠨ ᠡᠰᠢ ᠰᠦᠷᠡᠯ ᠢ ᠤᠰᠠᠳᠬᠠᠬᠤ ᠪᠤᠶᠤ ᠥᠨᠳᠥᠷ ᠬᠠᠯᠠᠭᠤᠨ ᠳᠤ ᠣᠪᠣᠭᠠᠯᠠᠵᠤ ᠢᠯᠵᠢᠷᠡᠭᠦᠯᠦᠭᠰᠡᠨ ᠤ ᠳᠠᠷᠠᠭ᠎ᠠ ᠰᠠᠶ᠋ᠢ ᠲᠠᠷᠢᠶᠠᠨ ᠭᠠᠵᠠᠷ ᠲᠤ ᠣᠷᠣᠭᠤᠯᠤᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号