ᠰᠤᠨᠳᠤᠤ ᠰᠤᠮᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠬᠡᠷᠡᠭ ᠶᠠᠪᠤᠳᠠᠯ ᠢ ᠬᠠᠮᠲᠤ ᠪᠠᠷ ᠵᠥᠪᠯᠡᠵᠦ ᠬᠦᠴᠢᠷ ᠠᠰᠠᠭᠤᠳᠠᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/10/11
   ︽  ᠪᠠᠭ᠎ᠠ ᠤᠨᠤᠭ᠎ᠠ ᠶᠢ ᠶᠡᠭᠡ ᠬᠦᠯᠦᠰᠢ ᠳᠤ ᠭᠡᠷᠡᠭᠯᠡᠬᠦ ︾ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ  ᠠᠬᠢᠭᠤᠯᠪᠠ ᠃ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠢ ᠦᠨᠳᠦᠰᠦᠯᠡᠨ᠂ ︽ᠲᠠᠪᠤ ᠶᠢ ᠡᠷᠭᠢᠯᠡᠬᠦ︾ ᠨᠠᠷᠢᠨ ᠲᠠᠩᠰᠠ ᠶᠢ ᠬᠢᠨᠠᠨ ᠵᠥᠪᠯᠡᠵᠦ ᠲᠣᠭᠲᠠᠭᠠᠨ᠂ 12 ᠭᠠᠴᠠᠭ᠎ᠠ ᠲᠣᠰᠬᠤᠨ ᠳᠤ ᠨᠡᠶᠢᠲᠡ 228 ᠫᠠᠶᠢᠰᠠ ᠢᠯᠡᠷᠬᠡᠶᠢᠯᠡᠯ ᠢ ᠢᠯᠭᠠᠷᠠᠭᠤᠯᠤᠨ ᠵᠢᠷᠤᠮᠵᠢᠭᠤᠯᠪᠠ᠃    ᠲᠣᠰᠬᠤᠨ ᠤ ᠠᠷᠠᠳ   ᠤᠨ   ᠵᠥᠪᠳᠡᠯᠴᠡᠨ    ᠬᠡᠷᠡᠭ     ᠵᠥᠪᠯᠡᠬᠦ          ᠳᠦᠷᠢᠮ ᠢ   ᠭᠡᠷᠡᠭᠵᠢᠬᠦᠯᠪᠡ ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠤᠯᠠᠨ ᠲᠦᠮᠡᠨ ᠢ ᠳᠡᠭᠡᠳᠦᠯᠡᠬᠦ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ ᠡᠷᠦᠭᠡ ᠳᠤ ᠬᠦᠷᠴᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠤᠭᠯᠠᠭᠤᠯᠬᠤ᠂ ᠬᠤᠶᠠᠷ ᠵᠥᠪᠯᠡᠯ ᠤᠨ ᠬᠤᠷᠠᠯ ᠠᠴᠠ ᠡᠮᠦᠨᠡᠬᠢ ᠪᠠᠶᠢᠴᠠᠭᠠᠯᠲᠠ ᠬᠢᠬᠦ ᠳᠤ ᠣᠷᠣᠯᠴᠠᠬᠤ᠂ ᠲᠣᠰᠬᠤᠨ ᠤ ᠠᠷᠠᠳ ᠤᠯᠠᠨ ᠲᠠᠯ᠎ᠠ ᠶᠢᠨ ᠵᠥᠪᠳᠡᠯᠴᠡᠭᠡ ᠳᠤ ᠣᠷᠣᠯᠴᠠᠬᠤ᠂  ᠦᠷ᠎ᠡ ᠳ᠋ᠦᠩ ᠢ ᠰᠦᠯᠵᠢᠶᠡᠨ ᠳᠡᠭᠡᠷ᠎ᠡ ᠰᠦᠯᠵᠢᠶᠡᠨ  ᠭᠠᠳᠠᠨ᠎ᠠ  ᠢᠯᠡ ᠪᠣᠯᠭᠠᠬᠤ᠂ ᠪᠠᠯᠭᠠᠰᠤ ᠲᠣᠰᠬᠤᠨ ᠬᠤᠶᠠᠷ ᠱᠠᠳᠤ  ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠵᠡᠷᠭᠡ 6 ᠲᠡᠰ ᠳᠠᠷᠠᠭᠠᠯᠠᠯ ᠢᠶᠠᠷ ᠳᠠᠮᠵᠢᠭᠤᠯᠵᠤ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠭᠤᠯᠵᠤ᠂ ᠳᠡᠭᠡᠭᠰᠢ ᠰᠤᠷᠪᠤᠯᠵᠢᠯᠠᠬᠤ ᠶᠢ ᠳᠣᠷᠣᠭᠰᠢ ᠰᠤᠷᠪᠤᠯᠵᠢᠯᠠᠬᠤ  ᠪᠤᠯᠭᠠᠬᠤ ᠥᠨᠳᠥᠷ ᠪᠦᠲᠦᠮᠵᠢᠲᠡᠢ ᠬᠤᠪᠢᠷᠠᠯᠲᠠ ᠶᠢ ᠪᠡᠶᠡᠯᠡᠭᠦᠯᠪᠡ᠃    ︽ᠵᠠᠷᠭᠤ ᠵᠠᠭᠠᠯᠳᠤᠯᠭ᠎ᠠ ᠦᠬᠡᠢ ︾     ᠭᠠᠴᠠᠭ᠎ᠠ     ᠲᠣᠰᠬᠤᠨ ᠢ ᠡᠭᠦᠳᠦᠨ  ᠪᠠᠶᠢᠭᠤᠯᠪᠠ ᠃ ᠰᠠᠶᠢᠨ ᠳᠤᠷ᠎ᠠ ᠶᠢᠨ ᠠᠵᠢᠯᠯᠠᠭᠴᠢ᠂ ᠲᠣᠰᠬᠤᠨ   ᠤ ᠠᠷᠠᠳ ᠤᠨ       ᠲᠥᠯᠥᠭᠡᠯᠡᠭᠴᠢ  ᠪᠠᠷ ᠪᠦᠷᠢᠯᠳᠦᠭᠰᠡᠨ ᠠᠷᠠᠳ ᠤᠨ ᠡᠶᠡᠳᠡᠭᠦᠯᠬᠦ ᠡᠩᠨᠡᠭᠡ ᠶᠢ ᠲᠡᠭᠦᠯᠳᠡᠷᠵᠢᠭᠦᠯᠵᠦ᠂ ᠠᠷᠠᠳ ᠤᠯᠠᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠳᠤ ᠬᠠᠮᠲᠤ ᠪᠠᠷ ᠤᠷᠤᠯᠴᠠᠭᠤᠯᠪᠠ ᠃ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ︽ᠪᠠᠭ᠎ᠠ ᠶᠠᠪᠤᠳᠠᠯ ᠢ ᠭᠠᠴᠠᠭ᠎ᠠ ᠲᠣᠰᠬᠤᠨ ᠠᠴᠠ ᠭᠠᠷᠭᠠᠬᠤ ᠥᠬᠡᠶ᠂ ᠶᠡᠭᠡ ᠶᠠᠪᠤᠳᠠᠯ ᠢ ᠰᠤᠮᠤ ᠪᠠᠯᠭᠠᠰᠤ ᠠᠴᠠ ᠭᠠᠷᠭᠠᠬᠤ ᠥᠬᠡᠶ︾ ᠪᠠᠶᠢᠬᠤ ᠶᠢ ᠦᠨᠡᠨᠬᠦ  ᠪᠡᠶᠡᠯᠡᠬᠦᠯᠪᠡ᠃    ︽ᠳᠥᠷᠪᠡᠨ    ᠭᠠᠵᠠᠷ    ᠨᠢᠭᠡ       ᠲᠢᠩᠬᠢᠮ︾  ᠤᠨ ᠪᠠᠶᠢᠭᠤᠯᠤᠯᠲᠠ ᠶᠢ ᠴᠢᠩᠭᠠᠳᠬᠠᠪᠠ᠃ ᠡᠯ᠎ᠡ ᠲᠢᠩᠬᠢᠮ ᠤᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠵᠦ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠲᠣᠬᠢᠷᠠᠭᠤᠯᠬᠤ ᠶᠣᠰᠣᠲᠠᠢ ᠶᠢ ᠨᠢ ᠲᠤᠬᠢᠷᠠᠭᠤᠯᠵᠥ ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠥ ᠵᠤᠪᠠᠵᠥ ᠬᠦᠰᠡᠵᠥ ᠪᠠᠶᠢᠭ᠎ᠠ ᠠᠰᠠᠭᠤᠳᠠᠯ ᠢ ᠰᠢᠢᠳᠪᠦᠷᠢᠯᠡᠬᠦ  ᠲᠠᠢ ᠬᠠᠷᠢᠯᠴᠠᠨ ᠤᠶᠠᠯᠳᠤᠭᠤᠯᠵᠤ᠂ ᠵᠥᠷᠢᠴᠡᠯ ᠵᠢᠭᠤᠷᠠᠯᠳᠤᠭᠠᠨ ᠢ ᠠᠩᠬᠠᠨ ᠤ ᠬᠤᠭᠤᠴᠠᠭᠠᠨ ᠳᠤ ᠢᠯᠡᠷᠡᠭᠦᠯᠵᠦ᠂ ᠦᠨᠳᠦᠰᠦᠨ ᠱᠠᠲᠤᠨ ᠳᠤ ᠴᠢᠷᠮᠠᠶᠢᠨ ᠰᠡᠶᠢᠳᠪᠦᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号