ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠠᠬᠢᠭᠤᠯᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/10/11
                             ᠨᠡᠶᠢᠲᠡᠯᠡᠭᠰᠡᠨ ᠴᠠᠭ᠄ 2024/10/9     ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠠᠬᠢᠭᠤᠯᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠬᠢᠴᠢᠶᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠤᠬᠡᠳ ᠤᠨ ᠴᠡᠴᠡᠷᠯᠢᠭ ᠤᠳ ᠢᠶᠠᠷ ᠭᠤᠤᠯ ᠰᠡᠳᠦᠪᠲᠦ ᠵᠢᠷᠤᠭᠲᠤ ᠳᠡᠪᠲᠡᠷ ᠢ ᠰᠠᠶᠢᠲᠤᠷ ᠬᠡᠷᠡᠭᠯᠡᠵᠦ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠢᠶᠠᠷ ︽ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ︾ ᠤᠨ  ᠵᠢᠭᠠᠬᠤ ᠮᠠᠲ᠋ᠧᠷᠢᠶᠠᠯ ᠢ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠨᠤᠭᠤᠳ ᠢᠶᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠤ︾ ᠭᠡᠬᠦ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠵᠡᠷᠭᠡ 23 ᠵᠢᠱᠢᠶ᠎ᠡ ᠦᠵᠡᠭᠦᠯᠬᠦ ᠬᠢᠴᠢᠶᠡᠯ ᠨᠢ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠯᠢᠳᠡᠭ ᠬᠢᠴᠢᠶᠡᠯ ᠢᠶᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ︾ ᠤᠨ 123 ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ 12 ᠠᠶᠢᠮᠠᠭ ᠬᠤᠲᠠ ᠶᠢᠨ ᠬᠤᠪᠢᠰᠬᠠᠯ ᠤᠨ ᠰᠤᠳᠤᠯᠤᠨ ᠰᠤᠷᠤᠯᠴᠠᠬᠤ ᠭᠠᠵᠠᠷ ᠤᠨ ᠵᠢᠷᠤᠭ ᠪᠠ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠵᠢᠯᠤᠭᠤᠳᠤᠮᠵᠢ ᠶᠢ ᠭᠠᠷᠭᠠᠵᠤ᠂ ︽ᠠᠮᠢᠳᠤᠯᠢᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠬᠢᠯᠢ ᠶᠢᠨ ᠱᠤᠭᠤᠮ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠵᠦᠴᠦᠭᠡ ᠶᠢᠨ ᠲᠠᠯᠠᠪᠠᠢ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠵᠡᠷᠭᠡ ᠦᠢᠯᠡᠳᠦᠯᠭᠡ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠣᠷᠣᠨ ᠪᠦᠰᠡ ᠠᠯᠤᠰᠯᠠᠨ ᠬᠤᠣᠰᠯᠠᠵᠤ ᠬᠠᠮᠲᠤ ᠪᠠᠷ ᠪᠠᠶᠢᠭᠤᠯᠬᠤ᠂ ᠨᠡᠶᠢᠭᠡᠮ ᠤᠨ ᠦᠢᠯᠡᠳᠦᠯᠭᠡ᠂  ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ 1800 ᠰᠢᠬᠠᠮ ᠲᠠᠯᠠᠪᠤᠷ ᠦᠷᠨᠢᠭᠦᠯᠵᠦ᠂   ᠬᠦᠯᠢᠶᠡᠨ ᠠᠪᠤᠭᠴᠢᠳ 46 ᠲᠦᠮᠡ ᠶᠢ ᠳᠠᠪᠠᠪᠠ᠃            ︵ᠰᠤᠷᠭᠠᠨ ᠬᠦᠮᠦᠵᠢᠯ ᠤᠨ ᠲᠢᠩᠬᠢᠮ︶ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ 
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号