| | | | | ᠠᠯᠲᠠᠨ ᠨᠠᠮᠤᠷ ᠤᠨ ᠤᠯᠠᠷᠢᠯ ᠳᠤ᠂ ᠪᠠᠳᠤᠴᠠᠭᠠᠨ ᠤ ᠨᠠᠪᠴᠢ ᠤᠯᠠᠶᠢᠵᠤ᠂ ᠤᠳᠠᠨᠳᠠᠯ᠎ᠠ ᠶᠢᠨ ᠤᠢ ᠡᠳᠡᠭᠡᠳ | ᠦᠵᠡᠮᠵᠢ ᠪᠠᠷ ᠬᠦᠮᠦᠰ ᠤᠨ ᠰᠤᠨᠢᠷᠬᠠᠯ ᠢ ᠲᠠᠳᠠᠨ᠎ᠠ᠃ 10 ᠳ᠋ᠤᠭᠠᠷ ᠰᠠᠷ᠎ᠠ ᠶᠢᠨ 13 ᠤ ᠡᠳᠦᠷ᠂ ᠲᠦᠩᠯᠢᠶᠣᠤ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ︽ 2024 ᠳᠣᠯᠣᠳᠤᠭᠠᠷ | ᠬᠤᠭᠤᠴᠠᠭᠠᠨ ᠤ ᠤᠳᠠᠨᠳᠠᠯ᠎ᠠ ᠶᠢᠨ ᠪᠠᠲᠤᠴᠠᠭᠠᠨ ᠤ ᠨᠠᠶᠢᠷ︾ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠤᠳᠠᠨᠳᠠᠯ᠎ᠠ ᠪᠠᠳᠤᠴᠠᠭᠠᠨ ᠤ ᠣᠶ ᠰᠢᠭᠤᠶ ᠶᠢᠨ ᠴᠡᠴᠡᠷᠯᠢᠭ ᠲᠤ ᠡᠬᠢᠯᠡᠪᠡ᠃ ᠬᠤᠲᠠ ᠶᠢᠨ | ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠳᠠᠷᠤᠭ᠎ᠠ ᠵᠧᠤ ᠭᠦᠸᠧ ᠭᠠᠩ᠂ ᠬᠤᠲᠠ ᠶᠢᠨ ᠡᠪᠯᠡᠯ ᠤᠨ | ᠬᠤᠷᠢᠶᠠᠨ ᠤ ᠱᠦᠵᠢ ᠪᠦᠦ ᠴᠢ ᠸᠧᠶ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ | ᠳᠠᠷᠤᠭ᠎ᠠ ᠱᠢ ᠱᠤᠸᠠᠩ ᠰᠢ᠂ ᠳᠡᠳ᠋ ᠲᠣᠪᠴᠢᠶᠠᠨ ᠳᠠᠷᠤᠭ᠎ᠠ ᠵᠣᠣ ᠬᠠᠶ ᠯᠠᠨ᠂ ᠬᠤᠰᠢᠭᠤᠨ ᠤ ᠤᠳᠤᠷᠢᠳᠤᠯᠭ᠎ᠠ | ᠲᠡᠯᠭᠡᠷᠰᠡᠩ᠂ ᠶᠠᠩ ᠧᠨ ᠵᠧᠨ᠂ ᠸᠧᠨ ᠮᠢᠩ᠂ ᠵᠠᠩ ᠰᠢᠶᠤᠤ ᠶᠠᠨ᠂ ᠸᠠᠩ ᠶᠢᠨ ᠴᠢᠶᠠᠩ᠂ ᠯᠢ ᠸᠧᠶ ᠮᠢᠩ᠂ ᠰᠦᠨ | ᠵᠢᠶᠠᠨ ᠸᠧᠨ᠂ ᠪᠦᠷᠢᠨᠵᠢᠷᠭᠠᠯ ᠬᠤᠷᠠᠯ ᠳᠤ ᠣᠷᠣᠯᠴᠠᠪᠠ᠃ | | ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ᠂ ᠬᠤᠰᠢᠭᠤᠨ ᠤ ᠤᠳᠤᠷᠢᠳᠤᠯᠭ᠎ᠠ | ᠠᠵᠢᠯᠯᠠᠭᠠᠨ ᠤ ᠠᠬᠤᠶ ᠲᠠᠯᠠᠪᠠᠶ ᠳᠤ ᠣᠷᠣᠯᠴᠠᠪᠠ | | | | | | | ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠰᠦᠨ ᠵᠢᠶᠠᠨ ᠸᠧᠨ ᠪᠠᠶᠠᠷ ᠤᠨ ᠦᠭᠡ | ᠬᠡᠯᠡᠪᠡ | | | | | ᠤᠷᠠᠨ ᠰᠠᠶᠢᠬᠠᠨ ᠤ ᠲᠣᠭᠯᠠᠯᠲᠠ | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ ᠤᠨ | ᠲᠣᠭᠯᠠᠭᠴᠢᠳ ᠵᠢᠭᠤᠯᠴᠢᠯᠠᠭᠴᠢᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠬᠤᠷᠠᠯ ᠳᠤ ᠣᠷᠣᠯᠴᠠᠭᠰᠠᠨ | ᠬᠦᠨᠳᠦᠲᠦ ᠵᠣᠴᠢᠳ ᠪᠣᠯᠤᠨ ᠵᠢᠭᠤᠯᠴᠢᠯᠠᠭᠴᠢᠳ ᠲᠤᠭᠯᠠᠯᠳᠠ ᠰᠤᠨᠢᠷᠬᠠᠵᠤ᠂ ᠠᠯᠠᠭ᠎ᠠ ᠲᠠᠰᠢᠯᠳᠠ ᠶᠢᠨ ᠲᠠᠭᠤᠨ | ᠦᠷᠬᠦᠯᠵᠢᠯᠡᠵᠦ ᠪᠠᠶᠢᠯ᠎ᠠ᠃ | | | | | | | | | | | | | |