ᠠᠭᠤᠯᠠ  ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠥᠳᠡᠭᠡ ᠲᠣᠰᠭᠤᠨ ᠤ ᠠᠵᠤ ᠦᠢᠯᠡᠰ ᠤᠨ ᠴᠢᠨᠠᠷ ᠰᠠᠢᠲᠠᠢ ᠬᠥᠭᠵᠢᠯᠲᠡ ᠳᠤ ᠬᠦᠴᠦ  ᠨᠠᠮᠡᠷᠢᠯᠠᠵᠥ ᠪᠠᠶᠢᠨ᠎ᠠ
ᠨᠡᠶᠢᠲᠡᠯᠡᠭᠰᠡᠨ ᠴᠠᠭ᠄
2024/10/15
   ᠨᠡᠶᠢᠲᠡᠯᠢᠭ ᠵᠢᠱᠢᠶ᠎ᠡ ᠶᠢ ᠱᠤᠭᠤᠵᠥ᠂ ᠪᠦᠬᠦ ᠲᠣᠰᠬᠤᠨ ᠢᠶᠠᠷ ᠨᠢ ᠠᠬᠢᠭᠤᠯᠪᠠ ᠃ ᠲᠠᠷᠢᠶᠠᠯᠠᠩ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ 23557 ᠮᠥ ᠡᠷᠳᠡᠨᠢ ᠰᠢᠰᠢ ᠶᠢᠨ ᠲᠠᠷᠢᠶᠠᠨ ᠤ ᠲᠠᠯᠠᠪᠠᠶ ᠨᠢᠭᠡᠴᠢ ᠶᠢᠨ ᠤᠨᠠᠯᠲᠠ ᠶᠢ  ᠲᠡᠭᠡᠭᠰᠢᠯᠡᠬᠦᠯᠵᠥ ᠂ ᠤᠯᠠᠭᠠᠨ ᠨᠠᠷᠠᠨ ᠭᠠᠴᠠᠭ᠎ᠠ ᠨᠢ ᠲᠦᠩᠯᠢᠶᠣᠤ ᠬᠤᠲᠠ ᠶᠢᠨ 2024 ᠣᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠥᠨᠳᠥᠷ ᠤᠨᠠᠯᠲᠠ ᠲᠠᠢ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠬᠤᠪᠢ ᠪᠠᠷ ᠲᠤᠬᠠᠶ ᠶᠢᠨ ᠲᠠᠯᠠᠪᠠᠶ ᠶᠢᠨ ᠲᠣᠭᠤᠷᠢᠨ ᠦᠵᠡᠬᠦ ᠶᠢ ᠤᠭᠲᠤᠪᠠ᠃ ᠦᠨᠢᠶᠡᠨ ᠤ ᠡᠭᠦᠯᠳᠡᠷ ᠰᠠᠶᠢᠵᠢᠷᠠᠭᠤᠯᠤᠭᠰᠠᠨ ᠨᠡᠶᠢᠲᠡᠯᠢᠭ ᠲᠣᠰᠬᠤᠨ ᠪᠤᠯᠬᠤ ᠲᠡᠭᠰᠢᠪᠠᠶᠠᠷ ᠭᠠᠴᠠᠭ᠎ᠠ᠂ ᠰᠠᠶᠢᠨ ᠡᠭᠦᠯᠳᠡᠷ ᠤᠨ ᠦᠨᠢᠶᠡᠨ ᠤ ᠵᠢᠱᠢᠶ᠎ᠡ ᠦᠵᠡᠭᠦᠯᠬᠦ ᠲᠣᠰᠬᠤᠨ  ᠪᠤᠯᠬᠤ  ᠶᠠᠮᠤ ᠶᠢᠨ ᠠᠶᠢᠯ ᠭᠠᠴᠠᠭ᠎ᠠ ᠨᠢ ᠲᠡᠵᠢᠭᠡᠨ ᠦᠷᠡᠵᠢᠭᠦᠯᠬᠦ ᠡᠷᠦᠬᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠥᠪᠡᠷ ᠤᠨ ᠦᠷᠳᠡᠭ ᠢᠶᠠᠨ ᠪᠠᠭᠤᠷᠠᠭᠤᠯᠬᠤ᠂ ᠦᠷ᠎ᠡ ᠠᠰᠢᠭ ᠢᠶᠠᠨ     ᠨᠡᠮᠡᠭᠳᠡᠭᠦᠯᠬᠦ ᠶᠢ    ᠲᠠᠶᠢᠴᠢᠯᠠᠪᠠ ᠃
阿古拉镇乡村产业.jpg    ᠬᠡᠪ ᠳᠠᠭᠤᠷᠢᠶᠠᠯ ᠢ ᠪᠤᠶᠢᠵᠢᠭᠤᠯᠵᠤ᠂ ᠵᠢᠱᠢᠶ᠎ᠡ ᠦᠵᠡᠭᠦᠯᠦᠨ     ᠬᠥᠲᠥᠯᠥᠨ    ᠲᠠᠭᠠᠭᠤᠯᠪᠠ ᠃ ᠲᠠᠷᠢᠶᠠᠯᠠᠩ
ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠡᠷᠳᠡᠨᠢ ᠰᠢᠰᠢ ᠶᠢᠨ ᠰᠢᠨ᠎ᠡ ᠳᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ  ᠬᠦᠷᠡᠯᠪᠠᠭᠠᠨ᠎ᠠ ᠂ ᠤᠯᠠᠭᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠡᠷᠦᠬᠡ ᠰᠢᠤᠸᠠᠢ ᠵᠢᠶᠠᠨ ᠮᠢᠨ᠂ ᠪᠦᠦ ᠮᠢᠩ ᠱᠠᠨ᠂ ᠪᠣᠷᠳᠣᠵᠤ ᠲᠠᠷᠭᠤᠯᠠᠭᠤᠯᠬᠤ ᠦᠬᠡᠷ ᠤᠨ ᠵᠢᠱᠢᠶ᠎ᠡ ᠦᠵᠡᠭᠦᠯᠬᠦ ᠡᠷᠦᠬᠡ ᠬᠤᠩ ᠮᠧᠶ᠂ ᠰᠦ  ᠰᠠᠭᠠᠯᠢ ᠶᠢᠨ ᠵᠢᠱᠢᠶ᠎ᠡ ᠦᠵᠡᠭᠦᠯᠬᠦ ᠡᠷᠦᠬᠡ ᠰᠠᠶᠢᠨᠵᠢᠷᠭᠠᠯ ᠵᠡᠷᠭᠡ ᠨᠢᠭᠡ ᠪᠦᠯᠦᠭ ᠣᠯᠠᠨ ᠲᠦᠮᠡᠨ ᠤ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠵᠤ᠂ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠶᠢ 3 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠲᠤᠷᠰᠢᠯᠭ᠎ᠠ ᠶᠢ ᠲᠠᠭᠤᠷᠢᠶᠠᠨ ᠳᠠᠭᠠᠵᠤ ᠳᠡᠯᠭᠡᠷᠡᠭᠦᠯᠪᠡ᠃    ᠡᠬᠢ ᠪᠠᠶᠠᠯᠢᠭ ᠢ ᠠᠭᠤᠳᠠᠯᠵᠤ᠂ ᠬᠥᠭᠵᠢᠯᠲᠡ ᠶᠢᠨ ᠰᠢᠨ᠎ᠡ ᠶᠢ  ᠡᠬᠦᠳᠪᠡ ᠃ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠰᠣᠳᠣᠨ ᠵᠠᠮ ᠱᠤᠭᠤᠮ ᠢ ᠡᠭᠦᠳᠴᠦ᠂ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠪᠠᠯᠭᠠᠰᠤᠨ ᠤ ᠢᠷᠠᠭᠤ ᠠᠯᠳᠠᠷ ᠢ  ᠬᠦᠷᠳᠡᠪᠡ᠃  ᠬᠠᠭᠤᠴᠢᠨ ᠰᠤᠷᠭᠠᠭᠤᠯᠢ᠂ ᠬᠠᠭᠤᠴᠢᠨ ᠲᠣᠰᠬᠤᠨ ᠤ ᠬᠡᠯᠲᠡᠰ ᠵᠡᠷᠭᠡ ᠬᠠᠮᠲᠤ ᠶᠢᠨ ᠡᠳ᠋ ᠬᠥᠷᠥᠩᠭᠡ ᠶᠢ ᠪᠥᠬᠦ ᠲᠠᠯ᠎ᠠ ᠪᠠᠷ ᠡᠮᠬᠢᠯᠡᠨ ᠠᠮᠢᠯᠠᠭᠤᠯᠵᠤ᠂ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ᠂ ᠬᠠᠳᠬᠤᠮᠠᠯ ᠤᠨ ᠬᠤᠷᠰᠢᠶ᠎ᠠ᠂ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤ ᠶᠢᠨ ᠡᠳ᠋ ᠬᠥᠷᠥᠩᠭᠡ ᠠᠴᠠ ᠦᠷ᠎ᠡ ᠠᠰᠢᠭ ᠣᠯᠵᠤ᠂ ᠬᠠᠮᠲᠤ ᠶᠢᠨ ᠡᠬᠢ ᠪᠠᠶᠠᠯᠢᠭ ᠤᠨ ᠳᠠᠯᠳᠠ ᠬᠦᠴᠦᠨ ᠢ  ᠠᠭᠤᠳᠠᠯᠯᠠᠵᠥ ᠠᠰᠢᠬᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号