10 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ ︵ | ᠲᠤᠷᠤᠨᠠᠳᠤ ᠤᠷᠤᠨ︶ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠬᠤᠤ ᠹᠠᠩ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠵᠠᠩ ᠯᠢᠩ ᠯᠢᠩ᠂ | ᠪᠡᠭᠡᠵᠢᠩ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠵᠠᠬᠢᠷᠤᠯ ᠭᠤᠤ ᠶᠠᠨ ᠨᠠᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠢᠷᠡᠵᠦ᠂ ᠴᠡᠭ ᠲᠣᠭᠲᠠᠭᠠᠨ | ᠬᠠᠪᠰᠤᠷᠤᠨ ᠲᠡᠳᠬᠦᠬᠦ ᠠᠵᠢᠯ ᠤᠨ ᠲᠤᠬᠠᠶ ᠶᠠᠷᠢᠯᠴᠠᠬᠤ ᠬᠤᠷᠠᠯ ᠬᠢᠭᠰᠡᠨ ᠪᠥᠭᠡᠳ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠤᠳᠤᠷᠢᠳᠤᠯᠭ᠎ᠠ ᠭᠦᠸᠧ ᠲᠢᠶᠠᠨ ᠪᠦᠦ᠂ ᠸᠧᠨ ᠮᠢᠩ᠂ ᠯᠢ ᠶᠠᠨ | ᠬᠤᠸᠠ᠂ ᠲᠤᠤ ᠵᠧᠩ ᠯᠢᠶᠠᠩ᠂ ᠰᠦᠨ ᠵᠢᠶᠠᠨ ᠸᠧᠨ ᠣᠷᠣᠯᠴᠠᠪᠠ᠃ | | | ᠶᠠᠷᠢᠯᠴᠠᠬᠤ ᠬᠤᠷᠠᠯ ᠳᠡᠭᠡᠷ᠎ᠡ᠂ ᠭᠦᠸᠧ ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠦᠷ᠎ᠡ | ᠪᠦᠲᠦᠮᠵᠢ ᠶᠢ ᠲᠠᠨᠢᠯᠴᠠᠭᠤᠯᠵᠤ᠂ ᠭᠤᠤ ᠶᠠᠨ᠂ ᠵᠠᠩ ᠯᠢᠩ ᠯᠢᠩ ᠲᠣᠰ ᠲᠣᠰ ᠲᠠᠷᠠᠭᠠᠴᠢ ᠶᠢᠨ ᠠᠯᠬᠤᠮ ᠤᠨ | ᠬᠠᠪᠰᠤᠷᠤᠨ ᠲᠡᠳᠬᠦᠬᠦ ᠠᠵᠢᠯ ᠤᠨ ᠰᠡᠳᠬᠢᠴᠡ ᠪᠠ ᠲᠣᠬᠢᠷᠠᠭᠤᠯᠤᠯᠲᠠ ᠶᠢ ᠲᠠᠨᠢᠯᠴᠠᠭᠤᠯᠵᠤ᠂ ᠰᠤᠷᠭᠠᠭᠤᠯᠢ ᠪᠠ | ᠣᠷᠣᠨ ᠨᠤᠲᠤᠭ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ | ᠬᠤᠤ ᠹᠠᠩ ᠣᠶᠢᠷ᠎ᠠ ᠶᠢᠨ ᠬᠡᠳᠦᠨ ᠵᠢᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠯᠤᠭᠰᠠᠨ | ᠬᠥᠭᠵᠢᠯᠲᠡ ᠶᠢᠨ ᠦᠷ᠎ᠡ ᠪᠦᠲᠦᠭᠡᠯ ᠵᠢᠴᠢ ᠲᠣᠪᠤᠶᠢᠮ᠎ᠠ ᠠᠮᠵᠢᠯᠲᠠ ᠪᠦᠲᠦᠮᠵᠢ ᠳᠤ ᠪᠠᠶᠠᠷ ᠬᠦᠷᠭᠡᠪᠡ᠃ ᠲᠡᠷᠡ | ᠢᠯᠡᠷᠬᠡᠶᠢᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠡᠭ ᠲᠤᠭᠳᠠᠭᠠᠨ ᠬᠠᠪᠰᠤᠷᠤᠨ ᠲᠡᠳᠬᠦᠬᠦ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠪᠰᠤᠷᠤᠨ ᠲᠡᠳᠬᠦᠬᠦ ᠠᠵᠢᠯ ᠢ ᠦᠨᠡᠨᠬᠦ ᠰᠤᠷᠭᠠᠭᠤᠯᠢ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ | ᠪᠣᠯᠭᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ | ᠳᠠᠪᠠᠭᠤᠯᠢᠭ ᠲᠤ ᠲᠦᠰᠢᠭᠯᠡᠨ᠂ ᠬᠦᠴᠦᠨ ᠢ ᠨᠡᠶᠢᠯᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠨᠠᠩ ᠬᠠᠨᠳᠤᠯᠭᠠᠲᠤ ᠴᠢᠨᠠᠷᠲᠠᠢ | ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠠᠭᠤᠷᠢ | ᠲᠠᠯᠪᠢᠬᠤ᠂ ᠠᠯᠤᠰ ᠬᠡᠲᠦ ᠳᠤ ᠠᠰᠢᠭᠲᠠᠢ᠂ ᠦᠷᠭᠦᠯᠵᠢᠯᠡᠬᠦ᠂ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ | ᠦᠵᠡᠭᠦᠯᠦᠨ᠎ᠡ ᠭᠡᠵᠡᠢ᠃ | ᠭᠦᠸᠧ ᠲᠢᠶᠠᠨ ᠪᠦᠦ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ ︵ ᠲᠤᠷᠤᠨᠠᠳᠤ | ᠤᠷᠤᠨ︶᠂ ᠪᠡᠭᠡᠵᠢᠩ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠷᠳᠣ ᠬᠤᠭᠤᠴᠠᠭᠠᠨ ᠤ ᠲᠤᠷᠰᠢ ᠬᠤᠷᠴᠢᠨ | ᠵᠡᠭᠦᠨ ᠭᠠᠷᠤᠨ ᠬᠤᠶᠢᠲᠤ ᠬᠤᠰᠢᠭᠤ ᠶᠢ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠭᠰᠡᠨ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ ᠬᠤᠶᠠᠷ ᠶᠡᠭᠡ ᠳᠡᠭᠡᠳᠦ ᠰᠤᠷᠭᠠᠭᠤᠯᠢ ᠶᠢᠨ ᠬᠢᠨ ᠦᠷᠭᠦᠯᠵᠢᠯᠡᠨ ᠬᠥᠭᠵᠢᠯᠲᠡ ᠶᠢᠨ | ᠭᠤᠣᠯ ᠰᠢᠵᠢᠮ ᠢ ᠴᠢᠩᠭ᠎ᠠ ᠠᠩᠬᠠᠷᠴᠤ᠂ ᠬᠥᠳᠡᠭᠡ ᠲᠣᠰᠬᠤᠨ ᠤ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠩ ᠭᠦᠨᠵᠡᠭᠡᠢ᠂ ᠪᠦᠬᠦ ᠲᠠᠯ᠎ᠠ ᠶᠢᠨ ᠬᠠᠪᠰᠤᠷᠤᠯᠭ᠎ᠠ ᠦᠵᠡᠭᠦᠯᠵᠦ᠂ ᠮᠠᠨ ᠤ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠪᠡ᠃ | ᠬᠤᠷᠠᠯ ᠤᠨ ᠳᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠮᠢᠶ᠎ᠠ | ᠪᠥᠬᠦᠶ ᠠᠵᠢᠯ ᠤᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ | | |