ᠨᠡᠶᠢᠭᠡᠮᠴᠢᠯᠡᠭᠰᠡᠨ ᠦᠢᠯᠡᠴᠢᠯᠡᠭᠡᠨ ᠦᠢᠯᠡᠳᠦᠯ ᠢᠶᠠᠨ ᠪᠠᠳᠠᠷᠠᠭᠤᠯᠵᠤ  ᠬᠤᠷᠢᠶᠠᠯᠳᠠ ᠤᠷᠤᠯᠭ᠎ᠠ ᠶᠢ ᠵᠡᠷᠭᠡᠪᠡᠷ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/10/17
    ᠡᠯᠪᠡᠭ ᠬᠤᠷᠢᠶᠠᠯᠲᠠ ᠶᠢᠨ ᠶᠠᠭᠠᠷᠤ ᠤᠯᠠᠷᠢᠯ ᠬᠦᠷᠴᠦ ᠢᠷᠡᠬᠦ ᠲᠠᠢ ᠵᠡᠷᠭᠡ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠡᠯ᠎ᠡ ᠭᠠᠵᠠᠷ ᠲᠤ ᠨᠠᠮᠤᠷ ᠤᠨ ᠬᠤᠷᠢᠶᠠᠯᠳᠠ ᠶᠢᠨ ᠠᠵᠢᠯ ᠪᠦᠬᠦ ᠲᠠᠯ᠎ᠠ ᠪᠠᠷ ᠶᠠᠪᠤᠭᠳᠠᠵᠤ ᠡᠬᠢᠯᠡᠭᠰᠡᠨ ᠪᠦᠭᠡᠳ᠂ ᠪᠦᠬᠦ  ᠬᠤᠰᠢᠭᠤᠨ ᠤ 368 ᠲᠦᠮᠡᠨ ᠮᠦ ᠡᠷᠳᠡᠨᠢ ᠰᠢᠰᠢ ᠶᠢ ᠬᠠᠳᠤᠵᠤ ᠬᠤᠷᠢᠶᠠᠬᠤ ᠠᠵᠢᠯ ᠨᠢᠭᠡᠨᠳᠡ ᠰᠡᠬᠦᠯ ᠰᠢᠪᠳᠤᠷᠬᠤ ᠱᠠᠳᠤᠨ ᠳᠤ ᠤᠷᠤᠭᠰᠠᠨ ᠪᠠᠶᠢᠨ᠎ᠠ᠃
 社会化服务“显身手” 01.jpg
      ᠡᠨᠡ ᠵᠢᠯ᠂ ᠵᠢᠷᠭᠠᠯᠠᠩ ᠪᠠᠯᠭᠠᠰᠤᠨ ᠤ ᠮᠣᠷᠢᠨᠲᠠᠯ᠎ᠠ ᠭᠠᠴᠠᠭ᠎ᠠ ᠨᠢ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠰᠬᠤᠨ ᠤ ᠬᠠᠮᠲᠤ ᠶᠢᠨ ᠡᠭᠦᠰᠭᠡᠨ ᠪᠠᠶᠢᠭᠤᠯᠤᠭᠰᠠᠨ ᠵᠢᠷᠭᠠᠯᠠᠩ ᠪᠠᠯᠭᠠᠰᠤᠨ ᠤ ᠮᠤᠷᠢᠨᠳᠠᠯ᠎ᠠ ᠲᠠᠷᠢᠶᠠᠯᠠᠩ ᠤᠨ ᠲᠠᠷᠢᠮᠠᠯ ᠤᠨ ᠲᠤᠰᠬᠠᠶ ᠬᠤᠷᠰᠢᠶᠠᠵᠢᠯ ᠢᠶᠠᠨ ᠪᠤᠰᠤᠳ 5 ᠬᠤᠷᠰᠢᠶ᠎ᠠ ᠲᠠᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠵᠢᠷᠭᠠᠯᠠᠩ ᠪᠠᠯᠭᠠᠰᠤᠨ ᠤ ᠮᠤᠷᠢᠨᠳᠠᠯ᠎ᠠ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠪᠠᠶᠢᠭᠤᠯᠵᠤ᠂ ᠡᠷᠳᠡᠨᠢ ᠰᠢᠰᠢ ᠶᠢᠨ ︽ᠬᠠᠭᠠᠯᠪᠤᠷᠢᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ︾ ᠳᠥᠷᠪᠡᠨ ᠱᠠᠲᠤᠨ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠪᠥᠬᠦ ᠶᠠᠪᠤᠴᠠ ᠶᠢᠨ ︽ᠨᠢᠭᠡ ᠦᠷᠳᠡᠭᠡ ᠮᠠᠶ᠋ᠢᠭ︾ ᠤᠨ ᠦᠢᠯᠡᠴᠢᠯᠡᠭᠡ ᠪᠠᠨ ᠰᠢᠨᠡᠴᠢᠯᠡᠵᠦ᠂ ᠬᠡᠪᠴᠢᠶᠡᠵᠢᠭᠰᠡᠨ᠂ ᠮᠠᠰᠢᠨᠴᠢᠯᠠᠭᠰᠠᠨ ᠪᠠ ᠡᠷᠴᠢᠮᠵᠢᠭᠦᠯᠦᠭᠰᠡᠨ ᠲᠠᠷᠢᠶᠠᠯᠠᠩ ᠦᠢᠯᠡᠳᠪᠦᠷᠢᠯᠡᠯ ᠤᠨ ᠵᠠᠭᠪᠤᠷ ᠢ ᠠᠭᠠᠵᠢᠮ ᠢᠶᠠᠷ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠪᠠ ᠠᠮᠤ ᠪᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠬᠤᠤᠰ ᠦᠷ᠎ᠡ ᠠᠰᠢᠭ ᠤᠯᠬᠤ ᠶᠢ ᠠᠬᠢᠭᠤᠯᠪᠠ᠃
 社会化服务“显身手” 02.jpg   
   ᠵᠢᠷᠭᠠᠯᠠᠩ ᠪᠠᠯᠭᠠᠰᠤᠨ ᠤ ᠮᠤᠷᠢᠨᠳᠠᠯ᠎ᠠ ᠭᠠᠴᠠᠭᠠᠨ ᠤ ᠨᠠᠮ ᠤᠨ ᠡᠭᠦᠷ ᠤᠨ ᠱᠦᠵᠢ ᠪᠦᠦ ᠱᠠᠨ ᠬᠡᠯᠡᠬᠦ ᠳᠡᠭᠡᠨ᠄ ᠡᠨᠡ ᠵᠢᠯ᠂ ᠬᠤᠯᠪᠣᠭᠠᠲᠤ ᠬᠤᠷᠰᠢᠶ᠎ᠠ ᠡᠷᠬᠢᠨ ᠲᠣᠭᠤᠷᠢᠨ ᠤ 2000 ᠭᠠᠷᠤᠶ ᠲᠠᠷᠢᠶᠠᠴᠢᠨ ᠡᠷᠦᠬᠡ ᠶᠢ ᠳᠠᠶᠢᠴᠢᠯᠠᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠳᠤ ᠣᠷᠣᠯᠴᠠᠭᠤᠯᠵᠤ᠂ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠪᠠ ᠵᠠᠩᠭᠢᠯᠠᠭ᠎ᠠ ᠶᠢᠨ ᠭᠤᠭᠴᠤᠭ᠎ᠠ ᠶᠢ ᠨᠠᠶᠢᠳᠠᠨ ᠬᠠᠮᠢᠶᠠᠷᠤᠭᠤᠯᠬᠤ ᠶᠢ 18 ᠲᠦᠮᠨ ᠭᠠᠷᠤᠢ ᠮᠥ ᠬᠡᠷᠡᠭᠵᠢᠭᠦᠯᠪᠡ᠃ ᠢᠩᠭᠢᠭᠰᠡᠨ ᠠᠴᠠ ᠴᠢᠬᠢ ᠪᠦᠷᠢᠳᠦᠬᠦ ᠨᠣᠷᠮ᠎ᠠ ᠨᠢ 85% ᠬᠦᠷᠴᠦ᠂ ᠤᠨᠠᠯᠳᠠ ᠨᠢ 300 ᠵᠢᠩ ᠠᠴᠠ 500 ᠵᠢᠩ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ ᠨᠢ ᠵᠢᠱᠢᠯᠲᠡ ᠪᠠᠷ 1200 ᠲᠦᠮᠡᠨ ᠲᠥᠭᠦᠷᠢᠭ ᠢ ᠲᠠᠪᠠᠭ᠋ᠤ ᠪᠦᠭᠡᠳ ᠲᠣᠰᠬᠤᠨ ᠤ ᠬᠠᠮᠲᠤ ᠨᠡᠶᠢᠲᠡ ᠶᠢᠨ ᠤᠷᠤᠯᠭ᠎ᠠ ᠨᠢ ᠵᠢᠱᠢᠯᠲᠡ ᠪᠠᠷ 50 ᠭᠠᠷᠤᠶ ᠲᠦᠮᠡᠨ ᠲᠥᠭᠦᠷᠢᠭ ᠨᠡᠮᠡᠭᠳᠡᠬᠦ ᠪᠣᠯᠤᠨ᠎ᠠ ᠭᠡᠵᠡᠢ᠃
  社会化服务“显身手” 03.jpg
      ᠣᠶᠢᠯᠠᠭᠠᠭᠰᠠᠨ ᠢᠶᠠᠷ᠂ 2024 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠷᠳᠡᠨᠢ ᠰᠢᠰᠢ ᠳᠠᠷᠢᠬᠤ ᠲᠠᠯᠠᠪᠠᠶ 368 ᠲᠦᠮᠡᠨ ᠮᠥ ᠬᠦᠷᠴᠦ᠂ ᠤᠨᠠᠯᠳᠠ ᠨᠢ ᠵᠢᠱᠢᠯᠲᠡ ᠪᠠᠷ 30 ᠳ᠋ᠦᠩᠰᠢᠭᠤᠷ ᠵᠢᠩ ᠬᠦᠷᠬᠦ ᠪᠣᠯᠤᠨ᠎ᠠ᠃ ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠶᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠬᠥᠳᠡᠭᠡ ᠲᠣᠰᠬᠤᠨ ᠤ ᠠᠵᠤ ᠦᠢᠡᠯᠰ ᠢ ᠬᠥᠭᠵᠢᠭᠦᠯᠬᠦ ᠶᠢ ᠠᠬᠢᠭᠤᠯᠬᠤ ᠭᠤᠤᠯᠳᠠᠯᠭ᠎ᠠ ᠪᠣᠯᠭᠠᠨ ᠠᠳᠬᠤᠵᠤ᠂ ︽ᠠᠮᠤ ᠪᠤᠳᠠᠭ᠎ᠠ ᠭᠠᠵᠠᠷ ᠰᠢᠷᠣᠶ ᠳᠤ ᠲᠦᠰᠢᠭᠯᠡᠬᠦ︾᠂ ︽ᠠᠮᠤ ᠪᠤᠳᠠᠭ᠎ᠠ ᠮᠡᠷᠭᠡᠵᠢᠯ ᠳᠤ ᠲᠦᠰᠢᠭᠯᠡᠬᠦ︾᠂ ︽ᠠᠮᠤ ᠪᠤᠳᠠᠭ᠎ᠠ ᠦᠢᠯᠡᠴᠢᠯᠡᠭᠡ ᠳᠤ ᠲᠦᠰᠢᠭᠯᠡᠬᠦ︾ ᠲᠣᠭᠤᠷᠢᠨ ᠳᠤ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠠᠷᠢᠶᠠᠯᠠᠩ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ ᠶᠢ ᠥᠷᠨᠢᠭᠦᠯᠵᠦ᠂ ᠪᠥᠬᠦ ᠬᠤᠰᠢᠭᠤᠨ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠪᠥᠬᠦ ᠪᠠᠯᠭᠠᠰᠤ ᠪᠠᠷ ᠨᠢ ᠠᠬᠢᠭᠤᠯᠬᠤ ᠶᠢ 3 ᠪᠠᠯᠭᠠᠰᠤ ᠲᠠᠯᠠᠪᠠᠶ ᠳᠤ ᠬᠡᠷᠡᠭᠵᠢᠭᠦᠯᠵᠦ᠂ ᠪᠦᠬᠦ ᠲᠤᠰᠬᠤᠨ ᠢᠶᠠᠷ ᠨᠢ ᠠᠬᠢᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠳᠠ ᠶᠢ 35 ᠭᠠᠴᠠᠭ᠎ᠠ ᠳᠤ ᠬᠡᠷᠡᠭᠵᠢᠬᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠬᠤᠷᠰᠢᠶ᠎ᠠ 9 ᠪᠠᠶᠢᠭᠤᠯᠵᠤ᠂ ᠲᠠᠷᠢᠶᠠᠴᠢᠨ ᠡᠷᠦᠬᠡ ᠬᠢᠭᠡᠳ ᠣᠲᠣ ᠦᠶ᠎ᠡ ᠶᠢᠨ ᠲᠠᠷᠢᠶᠠᠯᠠᠩ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ ᠂ ᠪᠥᠬᠦ ᠬᠤᠰᠢᠭᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠶ ᠶᠢ ᠲᠣᠭᠲᠠᠪᠤᠷᠢᠵᠢᠭᠤᠯᠬᠤ᠂  ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠰᠢᠨ᠎ᠡ ᠪᠠᠶᠢᠳᠠᠯ ᠢ ᠬᠦᠴᠦᠯᠡᠨ ᠠᠬᠢᠭᠤᠯᠪᠠ᠃ ᠣᠳᠣᠬᠠᠨ ᠳᠤ᠂ ᠪᠦᠬᠦ ᠬᠤᠰᠢᠭᠤᠨ ᠤ 19 ᠰᠤᠮᠤ ᠪᠠᠯᠭᠠᠰᠤ ᠲᠠᠯᠠᠪᠠᠢ ᠶᠢᠨ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ 119 ᠲᠦᠮᠡᠨ ᠮᠦ ᠬᠦᠷᠦᠭᠰᠡᠨ ᠪᠠᠶᠢᠨ᠎ᠠ᠃                                       
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号