10 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ᠊ · ᠳᠠᠯᠠᠨᠲᠠᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ᠂ ᠣᠶ ᠰᠢᠭᠤᠶ ᠶᠢᠨ | ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠰᠣᠶᠣᠯ | ᠵᠢᠭᠤᠯᠴᠢᠯᠠᠯ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃ | ᠴᠢ᠊ · ᠳᠠᠯᠠᠨᠲᠠᠢ ᠤᠳᠠᠨᠳᠠᠯ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠪᠠ᠃ ᠲᠡᠷᠡ ᠴᠢᠬᠤᠣᠯᠠᠴᠢᠯᠠᠭᠰᠠᠨ | ᠨᠢ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠡᠯ᠎ᠡ | ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦ ᠶᠢᠨ ᠪᠤᠳᠤᠯᠭ᠎ᠠ ᠶᠢ | ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ | ᠠᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ | ᠨᠠᠮᠤᠷ ᠤᠨ ᠤᠯᠠᠷᠢᠯ ᠤᠨ ᠤᠢ ᠰᠢᠭᠤᠶ ᠶᠢᠨ ᠭᠠᠯ ᠰᠡᠷᠭᠡᠶᠢᠯᠡᠬᠦ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ | ᠭᠠᠯ ᠰᠡᠷᠭᠡᠶᠢᠯᠡᠬᠦ ᠭᠠᠯ ᠤᠨᠲᠠᠷᠠᠭᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠤᠢ | ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠪᠣᠯᠤᠨ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠶᠢᠭᠠᠯᠢᠯᠢᠭ ᠪᠠᠲᠤᠴᠠᠭᠠᠨ ᠤ ᠨᠠᠪᠴᠢᠲᠤ ᠤᠢ ᠪᠠᠷ ᠵᠠᠭᠤᠴᠢ | ᠪᠣᠯᠭᠠᠵᠤ᠂ ᠰᠣᠶᠣᠯ ᠵᠤᠭᠠᠴᠠᠯ ᠤᠨ ᠡᠬᠢ ᠪᠠᠶᠠᠯᠢᠭ ᠢ ᠦᠷᠭᠦᠯᠵᠢᠯᠡᠨ ᠠᠭᠤᠳᠠᠯᠵᠤ᠂ ᠢᠵᠢ ᠪᠦᠷᠢᠳᠦᠭᠦᠯᠬᠦ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠢ ᠶᠢᠨ | ᠡᠬᠢ ᠪᠠᠶᠠᠯᠢᠭ ᠢ ᠦᠨᠡᠨᠬᠦ ᠵᠤᠭᠠᠴᠠᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠴᠢ᠊ · ᠳᠠᠯᠠᠨᠲᠠᠢ ᠬᠤᠷᠴᠢᠨ ᠵᠠᠩ ᠦᠢᠯᠡ ᠶᠢᠨ ᠲᠡᠦᠬᠡ ᠰᠣᠶᠣᠯ ᠤᠨ ᠬᠦᠷᠢᠶᠡᠯᠡᠩ ᠳᠤ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠦᠵᠡᠮᠵᠢ ᠶᠢᠨ ᠣᠷᠣᠨ ᠤ ᠡᠵᠡᠩᠨᠡᠯᠲᠡ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠪᠣᠯ ᠲᠡᠦᠬᠡ ᠶᠢᠨ ᠭᠡᠷᠡᠴᠢᠯᠡᠯ | ᠮᠥᠨ᠂ ᠡᠷᠬᠡᠪᠰᠢ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ | ᠪᠣᠯᠤᠨ ᠰᠠᠯᠠᠭ᠎ᠠ ᠮᠥᠴᠢᠷ ᠤᠳ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ | ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠠᠭᠠᠯᠠᠬᠤ | ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠲᠡᠤᠬᠡ ᠰᠣᠶᠣᠯ ᠤᠨ ᠥᠪ ᠢ ᠦᠨᠡᠨ ᠬᠦ ᠰᠠᠶᠢᠲᠤᠷ ᠬᠠᠮᠠᠭᠠᠯᠠᠵᠤ᠂ | ᠰᠠᠶᠢᠲᠤᠷ ᠤᠯᠠᠮᠵᠢᠯᠠᠬᠤ ᠬᠡᠷᠡᠭᠲᠡᠶ᠃ ᠠᠷᠠᠳ ᠤᠨ ᠵᠠᠩ ᠦᠢᠯᠡ ᠶᠢᠨ ᠲᠡᠦᠬᠡ ᠰᠣᠶᠣᠯ ᠤᠨ ᠰᠤᠳᠤᠯᠭᠠᠨ ᠢ | ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠰᠢᠨ᠎ᠡ ᠶᠢ ᠡᠭᠦᠳᠦᠨ ᠠᠬᠢᠭᠤᠯᠵᠤ᠂ | ᠦᠵᠡᠮᠵᠢ ᠶᠢᠨ ᠣᠷᠣᠨ ᠤ ᠰᠣᠶᠣᠯ ᠤᠨ ᠠᠭᠤᠯᠬᠤᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠵᠤᠭᠠᠴᠠᠯ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ | ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠨᠡᠩ ᠤᠯᠠᠨ | ᠨᠡᠪᠴᠢᠬᠦ ᠬᠡᠯᠪᠡᠷᠢ᠂ ᠣᠶᠢᠯᠠᠭᠠᠬᠤ ᠬᠡᠯᠪᠡᠷᠢ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠤᠭᠠᠴᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠶᠢ ᠪᠤᠢ ᠪᠣᠯᠭᠠᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠪᠣᠯᠤᠨ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠨ ᠭᠠᠷᠭᠠᠭᠰᠠᠨ ᠪᠠᠶᠢᠨ᠎ᠠ᠃ | |