ᠮᠠᠨ ᠤ ᠬᠤᠰᠢᠭᠤ ᠰᠢᠨᠵᠢᠯᠡᠬᠦ ᠮᠡᠷᠭᠡᠵᠢᠯ ᠢᠶᠠᠷ ᠲᠠᠷᠢᠶᠠᠯᠠᠩ ᠢ ᠬᠦᠳᠦᠯᠵᠦ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠬᠦᠯᠵᠦ ᠡᠯᠪᠡᠭ ᠬᠤᠷᠢᠶᠠᠯᠳᠠ ᠶᠢ ᠠᠬᠢᠭᠤᠯᠵᠤ ᠪᠠᠶᠢᠭ᠎ᠠ
ᠨᠡᠶᠢᠲᠡᠯᠡᠭᠰᠡᠨ ᠴᠠᠭ᠄
2024/10/22
   ᠮᠡᠷᠭᠡᠵᠢᠯ ᠤᠨ ᠳᠡᠮᠵᠢᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠵᠠᠭᠪᠤᠷ ᠢ ᠥᠷᠭᠡᠨ ᠢᠶᠠᠷ ᠳᠡᠯᠭᠡᠷᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ 3 ᠵᠢᠱᠢᠶ᠎ᠡ ᠦᠵᠡᠭᠦᠯᠬᠦ ᠪᠠᠯᠭᠠᠰᠤ᠂ 35 ᠵᠢᠱᠢᠶ᠎ᠡ ᠦᠵᠡᠭᠦᠯᠬᠦ ᠲᠣᠰᠬᠤᠨ ᠵᠢᠴᠢ 19 ᠰᠣᠳᠣᠨ ᠵᠠᠭᠤᠨ ᠮᠥ ᠲᠠᠷᠢᠶ᠎ᠠ᠂ ᠮᠢᠩᠭᠠᠨ ᠮᠥ ᠲᠦᠷᠪᠡᠯᠵᠢᠯᠡᠭᠰᠡᠨ ᠲᠠᠷᠢᠶ᠎ᠠ 5 ᠪᠠ ᠬᠡᠰᠡᠭᠵᠢᠭᠦᠯᠦᠭᠰᠡᠨ ᠲᠠᠷᠢᠶ᠎ᠠ 1 ᠲᠦᠮᠡᠨ ᠮᠥ ᠪᠠᠶᠢᠭᠤᠯᠵᠤ᠂ ᠰᠠᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠣᠶ ᠪᠣᠯᠭᠠᠪᠠ᠃ ᠡᠨᠡ ᠵᠢᠯ᠂ ᠪᠥᠬᠦ ᠬᠤᠰᠢᠭᠤᠨ ᠤ ᠡᠷᠳᠡᠨᠢ ᠰᠢᠰᠢ ᠳᠠᠷᠢᠬᠤ ᠲᠠᠯᠠᠪᠠᠶ 365.2 ᠲᠦᠮᠡᠨ ᠮᠥ ᠬᠦᠷᠴᠦ᠂ ᠵᠢᠱᠢᠯᠲᠡ ᠪᠠᠷ ᠤᠨᠠᠯᠲᠠ ᠨᠢ 142.4 ᠲᠦᠮᠡᠨ ᠲᠣᠨ ᠬᠦᠷᠬᠦ ᠪᠣᠯᠤᠨ᠎ᠠ᠃ ᠡᠭᠦᠨ ᠳᠤ᠂ ᠥᠨᠳᠥᠷ ᠤᠨᠠᠯᠲᠠ ᠲᠠᠢ ᠡᠷᠳᠡᠨᠢ ᠰᠢᠰᠢ ᠳᠠᠷᠢᠬᠤ ᠲᠠᠯᠠᠪᠠᠶ 65 ᠲᠦᠮᠡᠨ ᠮᠥ᠂ ᠵᠢᠱᠢᠯᠲᠡ ᠪᠠᠷ 58.5 ᠲᠦᠮᠡᠨ ᠲᠣᠨ ᠬᠦᠷᠦᠨ᠎ᠡ︔ ᠰᠢᠷ᠎ᠠ ᠪᠤᠷᠴᠠᠭ ᠳᠠᠷᠢᠬᠤ ᠲᠠᠯᠠᠪᠠᠶ 29.8 ᠲᠦᠮᠡᠨ ᠮᠥ ᠪᠠᠶᠢᠵᠤ᠂ ᠵᠢᠱᠢᠯᠲᠡ ᠪᠠᠷ ᠤᠨᠠᠯᠳᠠ ᠨᠢ 3.75 ᠲᠦᠮᠡᠨ ᠲᠣᠨ ᠬᠦᠷᠬᠦ ᠪᠣᠯᠤᠨ᠎ᠠ᠃    ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ︽ᠠᠵᠤ ᠠᠬᠤᠶᠢᠯᠠᠯ + ᠲᠣᠰᠬᠤᠨ ᠤ ᠬᠠᠮᠲᠤ ᠨᠡᠶᠢᠲᠡ + ᠬᠤᠷᠰᠢᠶ᠎ᠠ + ᠲᠠᠷᠢᠶᠠᠴᠢᠨ ᠡᠷᠦᠬᠡ︾᠂ ︽ᠲᠣᠰᠬᠤᠨ ᠤ ᠬᠠᠮᠲᠤ ᠨᠡᠶᠢᠲᠡ + ᠬᠤᠷᠰᠢᠶ᠎ᠠ + ᠲᠠᠷᠢᠶᠠᠴᠢᠨ ᠡᠷᠦᠬᠡ︾ ᠵᠡᠷᠭᠡ ᠣᠯᠠᠨ ᠵᠦᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ ᠭᠠᠷᠭᠠᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠡᠬᠢ ᠪᠠᠶᠠᠯᠢᠭ ᠢ ᠳᠠᠶᠢᠴᠢᠯᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ 119.07 ᠲᠦᠮᠡᠨ ᠮᠦ ᠬᠦᠷᠴᠦ᠂ 3 ᠵᠢᠱᠢᠶ᠎ᠡ ᠦᠵᠡᠭᠦᠯᠬᠦ ᠪᠠᠯᠭᠠᠰᠤ ︵ᠵᠢᠷᠭᠠᠯᠠᠩ ᠪᠠᠯᠭᠠᠰᠤ᠂ ᠱᠤᠸᠠᠩ ᠱᠧᠩ ᠪᠠᠯᠭᠠᠰᠤ᠂ ᠱᠠᠭᠠᠵᠠᠩᠳᠡᠢ ᠮᠠᠯᠵᠢᠯ ᠤᠨ ᠲᠠᠯᠠᠪᠠᠢ︶ ᠵᠢᠴᠢ 35 ᠵᠢᠱᠢᠶ᠎ᠡ ᠦᠵᠡᠭᠦᠯᠬᠦ ᠲᠣᠰᠬᠤᠨ ᠢ ᠠᠮᠵᠢᠯᠲᠠ ᠲᠠᠢ ᠨᠠᠶᠢᠳᠠᠪᠤᠷᠢᠵᠢᠭᠤᠯᠪᠠ᠃    ᠪᠣᠯᠪᠠᠰᠤᠷᠠᠭᠤᠯᠤᠯ ᠤᠨ ᠦᠢᠯᠡᠴᠢᠯᠡᠭᠡ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠥᠮᠴᠢᠲᠡᠨ ᠤ ᠮᠡᠷᠭᠡᠵᠢᠯ ᠢ ᠳᠡᠯᠭᠡᠷᠡᠭᠦᠯᠬᠦ ᠪᠠᠷ ᠭᠤᠤᠯᠳᠠᠯᠭ᠎ᠠ ᠪᠣᠯᠭᠠᠨ᠂ ᠪᠥᠬᠦ ᠬᠤᠰᠢᠭᠤᠨ ᠤ ᠬᠡᠪᠴᠢᠶᠡᠨ ᠳᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠬᠢᠴᠢᠶᠡᠯ ᠤᠨ ᠲᠠᠩᠬᠢᠮ ᠤᠨ ᠪᠣᠯᠪᠠᠰᠤᠷᠠᠭᠤᠯᠤᠯ᠂ ᠲᠤᠬᠠᠶ ᠶᠢᠨ ᠭᠠᠵᠠᠷ ᠲᠤᠨᠢ ᠵᠢᠯᠣᠭᠤᠳᠬᠤ ᠪᠠ ᠮᠥᠷᠳᠡᠨ ᠦᠢᠯᠡᠴᠢᠯᠡᠬᠦ ︽ᠭᠤᠷᠪᠠ ᠶᠢ ᠨᠢᠭᠡ ᠴᠤᠭᠴᠠᠵᠢᠭᠤᠯᠬᠤ︾ ᠶᠢ ᠪᠡᠶᠡᠯᠡᠬᠦᠯᠪᠡ᠃ ᠣᠳᠣᠬᠠᠨ ᠪᠣᠯᠲᠠᠯ᠎ᠠ᠂ ᠺᠠᠳ᠋ᠷ᠂ ᠮᠡᠷᠭᠡᠵᠢᠯᠲᠡᠨ᠂ ᠲᠣᠰᠬᠤᠨ ᠤ ᠬᠤᠶᠠᠷ ᠵᠥᠪᠯᠡᠯ᠂ ᠬᠤᠷᠰᠢᠶ᠎ᠠ᠂ ᠲᠣᠮᠣ ᠡᠷᠦᠬᠡ᠂ ᠮᠠᠯᠴᠢᠨ ᠲᠠᠷᠢᠶᠠᠴᠢᠨ ᠡᠷᠦᠬᠡ ᠵᠡᠷᠭᠡ ᠶᠢ 640 ᠬᠤᠭᠤᠴᠠᠭ᠎ᠠ ᠪᠤᠯᠪᠠᠰᠤᠷᠠᠭᠤᠯᠵᠤ᠂ ᠨᠡᠶᠢᠲᠡ 9.6 ᠲᠦᠮᠡᠨ ᠬᠥᠮᠦᠨ ᠤᠳᠠᠭ᠎ᠠ ᠬᠦᠷᠴᠦ᠂ 10 ᠲᠦᠮᠡ ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号