ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ | ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠢ ᠬᠤᠰᠢᠭᠤᠨ ᠤ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠲᠤᠭᠠᠶ᠃ | | | 2024 ᠣᠨ ᠤ 10 ᠰᠠᠷ᠎ᠠ ᠶᠢᠨ 17 ᠤ ᠡᠳᠦᠷ | | | ᠮᠠᠨ ᠤ ᠬᠤᠰᠢᠭᠤᠨ ᠤ 2024 ᠤᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ | ᠦᠢᠯᠡᠳᠪᠦᠷᠢᠯᠡᠭᠴᠢ ᠳᠤ ᠨᠦᠬᠦᠪᠦᠷᠢ ᠦᠭᠬᠦ ᠬᠡᠷᠡᠭᠵᠢᠬᠦᠯᠬᠦ ᠲᠦᠰᠦᠯ | | ︽2024 ᠣᠨ ᠤ ᠬᠠᠷᠠᠯᠲᠠᠲᠤ ᠦᠨ᠎ᠡ ᠬᠠᠩᠰᠢ ᠶᠢᠨ ᠨᠥᠬᠦᠪᠥᠷᠢ ︵ᠡᠷᠳᠡᠨᠢ ᠰᠢᠰᠢ᠂ ᠰᠢᠷ᠎ᠠ ᠪᠤᠷᠴᠠᠭ ᠪᠠ | ᠲᠥᠮᠥᠰᠥ︶ ᠶᠢᠨ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠲᠦᠩᠯᠢᠶᠥᠥ ᠡᠳ᠋ ᠤᠨ ᠵᠠᠰᠠᠭ | ᠠᠷᠠᠯᠵᠢᠶ᠎ᠠ ﹇2020﹈ 816 ᠳ᠋ᠤᠭᠠᠷ ᠲᠣᠭᠠᠲᠤ︶᠂ ︽︿ᠦᠢᠯᠡᠳᠪᠦᠷᠢᠯᠡᠭᠴᠢᠳ ᠲᠤ ᠨᠥᠬᠦᠪᠥᠷᠢ ᠮᠥᠩᠭᠦ | ᠣᠯᠭᠤᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠷᠠᠯᠵᠢᠶ᠎ᠠ ﹇2020﹈ 146 ᠳ᠋ᠤᠭᠠᠷ ᠲᠣᠭᠠᠲᠤ︶ ᠪᠠ ︽ᠲᠦᠩᠯᠢᠶᠣᠤ ᠬᠤᠲᠠ ᠶᠢᠨ 2024 ᠣᠨ ᠤ ᠡᠷᠳᠡᠨᠢ | ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠨᠥᠬᠦᠪᠥᠷᠢ ᠥᠭᠬᠦ ᠬᠡᠪᠴᠢᠶ᠎ᠡ᠂ ᠪᠠᠷᠢᠮᠵᠢᠶ᠎ᠠ᠂ ᠨᠥᠬᠦᠴᠡᠯ | ︵ᠨᠢᠭᠡ︶ ᠨᠥᠬᠦᠪᠥᠷᠢ ᠥᠭᠬᠦ ᠬᠦᠷᠢᠶ᠎ᠡ ᠬᠡᠪᠴᠢᠶ᠎ᠡ᠃ ᠭᠤᠤᠯᠳᠠᠭᠤ ᠪᠦᠬᠦ ᠬᠤᠰᠢᠭᠤᠨ ᠤ 15 ᠰᠤᠮᠤ ᠪᠠᠯᠭᠠᠰᠤ | ᠂ 4 ᠤᠯᠤᠰ ᠤᠨ ᠦᠮᠴᠢᠯᠡᠯᠳᠦ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ︵ ᠶᠡᠬᠡᠳᠡᠯ᠎ᠡ ᠤᠢ ᠰᠢᠭᠤᠢ ᠶᠢᠨ | ᠲᠠᠯᠠᠪᠠᠢ ᠳᠤ ᠪᠠᠭᠠᠳᠠᠯ᠎ᠠ ᠰᠤᠮᠤ ᠠᠴᠠ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠬᠠᠷᠢᠭᠤᠴᠠᠨ | ᠨᠠᠶᠢᠳᠠᠪᠤᠷᠢᠵᠢᠭᠤᠯᠵᠤ᠂ ᠮᠤᠳᠤᠳᠤ ᠤᠢ ᠰᠢᠭᠤᠢ ᠶᠢᠨ ᠲᠠᠯᠠᠪᠠᠢ ᠳᠤ ᠪᠠᠶᠠᠨᠮᠤᠳᠤ ᠰᠤᠮᠤ ᠠᠴᠠ ᠨᠦᠬᠦᠪᠦᠷᠢ ᠦᠭᠬᠦ | ᠲᠦᠷᠦ ᠶᠢᠨ ᠪᠤᠳᠤᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠵᠢᠷᠭᠠᠯᠠᠩ ᠤᠢ ᠰᠢᠭᠤᠢ ᠶᠢᠨ ᠲᠠᠯᠠᠪᠠᠢ᠂ | ᠤᠳᠠᠨᠳᠠᠯ᠎ᠠ ᠤᠢ ᠰᠢᠭᠤᠢ ᠶᠢᠨ ᠲᠠᠯᠠᠪᠠᠢ ᠳᠤ ᠵᠢᠷᠭᠠᠯᠠᠩ ᠪᠠᠯᠭᠠᠰᠤ ᠠᠴᠠ ᠨᠦᠬᠦᠪᠦᠷᠢ ᠦᠭᠬᠦ ᠲᠦᠷᠦ ᠶᠢᠨ | ᠪᠤᠳᠤᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠠᠷᠬᠤᠰᠤ ᠦᠷ᠎ᠡ ᠮᠠᠯ ᠤᠨ ᠲᠠᠯᠠᠪᠠᠢ᠂ ᠭᠠᠨᠵᠤᠭ᠎ᠠ ᠴᠢᠬᠢ | ᠮᠤᠳᠤᠨ ᠤ ᠬᠦᠷᠢᠶᠡᠯᠡᠩ ᠳᠤ ᠭᠠᠨᠵᠤᠭ᠎ᠠ ᠪᠠᠯᠭᠠᠰᠤᠨ ᠠᠴᠠ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ | ᠬᠠᠷᠢᠭᠤᠴᠠᠨ ᠨᠠᠶᠢᠳᠠᠪᠤᠷᠢᠵᠢᠭᠤᠯᠵᠤ᠂ ᠶᠢᠨ ᠪᠤᠤ ᠲᠦᠨ ᠤᠢ ᠰᠢᠭᠤᠢ ᠶᠢᠨ ᠲᠠᠯᠠᠪᠠᠢ ᠳᠤ ᠶᠢᠨ ᠪᠤᠤ ᠲᠦᠨ | ᠪᠠᠯᠭᠠᠰᠤᠨ ᠠᠴᠠ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠬᠠᠷᠢᠭᠤᠴᠠᠨ ᠨᠠᠶᠢᠳᠠᠪᠦᠷᠢᠵᠢᠭᠤᠯᠵᠤ᠂ ᠰᠤᠨᠳᠤᠤ | ᠤᠰᠤᠨ ᠤ ᠬᠠᠮᠢᠶᠠᠷᠤᠯᠳᠠ ᠶᠢᠨ ᠭᠠᠵᠠᠷ ᠲᠤ ᠰᠤᠨᠳᠤᠤ ᠰᠤᠮᠤ ᠠᠴᠠ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ | ᠬᠠᠷᠢᠭᠤᠴᠠᠨ ᠨᠠᠶᠢᠳᠠᠪᠦᠷᠢᠵᠢᠭᠤᠯᠵᠤ᠂ ᠵᠡᠭᠦᠨ ᠲᠠᠪᠤᠨ ᠭᠡᠷ ᠤᠰᠤᠨ ᠤ ᠬᠠᠮᠢᠶᠠᠷᠤᠯᠳᠠ ᠶᠢᠨ ᠭᠠᠵᠠᠷ ᠲᠤ ᠴᠠᠷᠠᠰᠤ | ᠪᠠᠯᠭᠠᠰᠤ ᠠᠴᠠ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃︶ | ᠲᠠᠢ ᠬᠤᠯᠪᠤᠭᠳᠠᠨ᠎ᠠ᠃ | ︵ᠬᠤᠶᠠᠷ︶ ᠨᠥᠬᠦᠪᠥᠷᠢ ᠪᠡᠯᠡ ᠮᠥᠩᠭᠦ ᠶᠢ ᠲᠥᠰᠦᠭᠡᠯᠡᠨ ᠪᠣᠳᠣᠬᠤ ᠠᠷᠭ᠎ᠠ ᠮᠠᠶ᠋ᠢᠭ᠃ ᠡᠷᠳᠡᠨᠢ ᠰᠢᠰᠢ᠂ ᠰᠢᠷ᠎ᠠ | ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠪᠤᠳᠤᠬᠤ ᠠᠷᠭ᠎ᠠ ᠮᠠᠶ᠋ᠢᠭ ᠨᠢ ︽2023 ᠣᠨ ᠤ ᠡᠷᠳᠡᠨᠢ | ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ | ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠢᠬᠴᠢᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ | ᠲᠤᠬᠠᠶ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠷᠢᠮᠠᠯ ᠲᠠᠷᠬᠠᠭᠠᠭᠰᠠᠨ ︹2020︺ 154 | ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠶᠢ ᠴᠥᠮ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠶᠢᠲᠤ ᠬᠤᠰᠢᠭᠤᠨ ᠤ ᠪᠠᠶᠢᠴᠠᠭᠠᠬᠤ ᠠᠩᠭᠢ ᠶᠢᠨ | ᠬᠠᠩᠭᠠᠭᠰᠠᠨ 2022 ᠣᠨ ᠤ ᠰᠠᠭᠤᠷᠢ ᠬᠤᠭᠤᠴᠠᠭᠠᠨ ᠤ ᠲᠠᠯᠠᠪᠠᠶ ᠪᠠ ᠤᠨᠠᠯᠲᠠ ︵ᠠᠮᠤ ᠪᠤᠳᠠᠭᠠᠨ ᠤ ᠤᠨᠠᠯᠲᠠ ᠶᠢ | ᠨᠤᠭᠤᠯᠤᠨ ᠪᠤᠳᠤᠬᠤ ᠤᠨᠠᠯᠲᠠ ᠶᠢᠨ ᠬᠡᠮᠵᠢᠶ᠎ᠡ︶ ᠶᠣᠰᠣᠭᠠᠷ ᠬᠡᠷᠡᠭᠵᠢᠭᠦᠯᠦᠨ᠎ᠡ᠃︶ ᠲᠤᠰᠪᠤᠷᠢ50% ᠶᠢ ᠡᠵᠡᠯᠡᠬᠦ | ᠬᠡᠮᠵᠢᠶ᠎ᠡ ᠪᠠᠷ ᠲᠥᠰᠦᠭᠡᠯᠡᠨ ᠪᠤᠳᠣᠵᠤ ᠲᠤᠭᠲᠠᠬᠠᠨᠠ᠃ | 2024 ᠣᠨ ᠳᠤ ᠮᠠᠨ ᠤ ᠬᠤᠰᠢᠭᠤᠨ ᠤ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠥᠷᠢ ᠶᠢ ᠮᠦ | ᠪᠦᠷᠢ ᠳᠤ 400 ᠲᠥᠭᠦᠷᠢᠭ ᠠᠴᠠ ᠥᠨᠳᠥᠷ ᠪᠠᠶᠢᠯᠭᠠᠬᠤ ᠥᠬᠡᠶ ᠪᠠᠷᠢᠮᠵᠢᠶ᠎ᠠ ᠶᠢ ᠬᠡᠷᠡᠭᠵᠢᠭᠦᠯᠵᠦ᠂ ᠲᠠᠷᠢᠮᠠᠯ ᠤᠨ | ᠪᠦᠲᠦᠴᠡ ᠶᠢᠨ ᠲᠣᠬᠢᠷᠠᠭᠤᠯᠤᠯᠲᠠ ᠪᠠ ᠪᠣᠳᠠᠲᠠᠶ ᠳᠠᠷᠢᠬᠤ ᠲᠠᠯᠠᠪᠠᠶ ᠶᠢᠨ ᠬᠤᠪᠢᠷᠠᠯᠲᠠ ᠶᠢ ᠭᠦᠢᠴᠡᠳ ᠪᠣᠳᠣᠯᠬᠢᠯᠠᠨ᠂ | ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠶᠢᠨ ᠨᠥᠬᠦᠪᠥᠷᠢ ᠶᠢᠨ ᠪᠠᠷᠢᠮᠵᠢᠶ᠎ᠠ᠂ ᠨᠥᠬᠦᠪᠥᠷᠢ ᠥᠭᠬᠦ | ᠦᠨᠳᠦᠰᠦᠯᠡᠯ᠂ ᠨᠥᠬᠦᠪᠥᠷᠢ ᠶᠢᠨ ᠵᠥᠷᠢᠶ᠎ᠠ ᠵᠡᠷᠭᠡ ᠶᠢ ᠵᠦᠶ ᠵᠣᠬᠢᠰᠲᠠᠶ ᠲᠣᠭᠲᠠᠭᠠᠵᠤ᠂ ᠨᠥᠬᠦᠪᠥᠷᠢ ᠶᠢᠨ | ᠬᠤᠪᠢᠶᠠᠷᠢᠯᠠᠯᠲᠠ ᠬᠢᠭᠡᠳ ᠪᠣᠳᠠᠲᠠᠶ ᠳᠠᠷᠢᠬᠤ ᠲᠠᠯᠠᠪᠠᠶ ᠠᠴᠠ ᠰᠠᠯᠤᠩᠭᠢᠷᠠᠬᠤ ᠠᠰᠠᠭᠤᠳᠠᠯ ᠢ ᠰᠡᠷᠭᠡᠶᠢᠯᠡᠨ᠎ᠡ᠃ | ︵3︶ ᠨᠥᠬᠦᠪᠥᠷᠢ ᠤᠯᠬᠤ ᠨᠥᠬᠦᠴᠡᠯ᠃ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ | ᠨᠥᠬᠦᠪᠥᠷᠢ ᠥᠭᠬᠦ ᠬᠡᠪᠴᠢᠶ᠎ᠡ ᠶᠢ ᠬᠠᠤᠯᠢ ᠶᠣᠰᠣᠨ ᠤ ᠲᠠᠷᠢᠶᠠᠨ ᠭᠠᠵᠠᠷ ᠢᠶᠠᠷ ᠴᠢᠩᠭ᠎ᠠ ᠬᠢᠵᠠᠭᠠᠷᠯᠠᠵᠤ᠂ ᠨᠥᠬᠦᠪᠥᠷᠢ | ᠬᠦᠷᠲᠡᠬᠦ ᠡᠷᠦᠬᠡ ᠳᠤ ᠡᠷᠬᠡᠪᠰᠢ ᠬᠠᠤᠯᠢ ᠶᠣᠰᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠪᠠᠶᠢᠬᠤ | ᠬᠡᠷᠡᠭᠲᠡᠶ ᠪᠥᠭᠡᠳ ᠡᠷᠳᠡᠨᠢ ᠰᠢᠰᠢ ︵ᠬᠥᠬᠡ ᠳᠠᠷᠤᠰᠢ ᠶᠢᠨ ᠡᠷᠳᠡᠨᠢ ᠰᠢᠰᠢ ᠶᠢ ᠪᠠᠭᠲᠠᠭᠠᠬᠤ ᠦᠭᠡᠶ᠃︶ ᠰᠢᠷ᠎ᠠ | ᠪᠤᠷᠴᠠᠭ ᠪᠠ ᠲᠥᠮᠥᠰᠥ ᠶᠢᠨ ᠪᠤᠳᠠᠲᠠᠶ ᠦᠢᠯᠡᠳᠪᠦᠷᠢᠯᠡᠭᠴᠢ᠃ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ | ᠦᠢᠯᠡᠳᠪᠦᠷᠢᠯᠡᠭᠴᠢ ᠳᠤ ᠨᠥᠬᠦᠪᠥᠷᠢ ᠥᠭᠬᠦ ᠨᠢ ᠤᠯᠤᠰ ᠠᠴᠠ ᠨᠢᠭᠡᠨᠲᠡ ᠲᠠᠷᠢᠶᠠᠯᠠᠬᠤ ᠶᠢ ᠵᠣᠭᠰᠣᠭᠠᠭᠰᠠᠨ ᠭᠠᠵᠠᠷ | ᠰᠢᠷᠣᠢ᠂ ᠵᠥᠪᠰᠢᠶᠡᠷᠡᠯ ᠦᠭᠡᠢ ᠪᠠᠷ ᠬᠠᠭᠠᠯᠪᠤᠷᠢᠯᠠᠵᠤ ᠲᠠᠷᠢᠭᠰᠠᠨ ᠭᠠᠵᠠᠷ ᠰᠢᠷᠣᠢ ᠵᠡᠷᠭᠡ ᠬᠠᠤᠯᠢ ᠪᠤᠰᠤ ᠲᠠᠷᠢᠶᠠᠨ | ᠭᠠᠵᠠᠷ ᠲᠤ ᠲᠠᠷᠢᠭᠰᠠᠨ ᠲᠠᠷᠢᠮᠠᠯ ᠳᠤ ᠨᠥᠬᠦᠪᠥᠷᠢ ᠥᠭᠬᠦ ᠦᠭᠡᠢ᠃ ᠳᠠᠷᠠᠭᠠᠬᠢ 9 ᠵᠦᠢᠯ ᠤᠨ ᠪᠠᠶᠢᠳᠠᠯ ᠤᠳ ᠤᠨ | ᠨᠢᠭᠡ ᠨᠢ ᠪᠠᠶᠢᠪᠠᠯ ᠨᠥᠬᠦᠪᠥᠷᠢ ᠥᠭᠬᠦ ᠦᠭᠡᠢ᠄ ᠨᠢᠭᠡ ᠳᠤ ᠤᠯᠤᠰ ᠠᠴᠠ ᠨᠢᠭᠡᠨᠲᠡ ᠲᠠᠷᠢᠶᠠᠯᠠᠬᠤ ᠶᠢ ᠵᠣᠭᠰᠣᠭᠠᠭᠰᠠᠨ | ᠪᠤᠶᠤ ᠥᠪᠡᠷᠲᠡᠭᠡᠨ ᠵᠠᠰᠠᠬᠤ ᠣᠷᠣᠨ ᠠᠴᠠ ᠳᠡᠭᠡᠭᠰᠢᠬᠢ ᠰᠠᠯᠠᠭ᠎ᠠ ᠮᠥᠴᠢᠷ ᠤᠨ ᠲᠥᠯᠥᠪᠵᠢᠭᠦᠯᠬᠦ ᠪᠠᠷ ᠱᠠᠭᠠᠷᠳᠠᠭᠰᠠᠨ | ᠭᠠᠵᠠᠷ ᠰᠢᠷᠣᠶ ᠳᠤ ᠲᠡᠭᠡᠷᠡᠬᠢ ᠲᠠᠷᠢᠮᠠᠯ ᠢ ᠲᠠᠷᠢᠭᠰᠠᠨ᠃ ᠬᠤᠶᠠᠷ ᠲᠤ ᠵᠥᠪᠰᠢᠶᠡᠷᠡᠯ ᠦᠭᠡᠢ ᠪᠠᠷ ᠬᠠᠭᠠᠯᠪᠤᠷᠢᠯᠠᠬᠤ ᠶᠢ | ᠵᠥᠪᠰᠢᠶᠡᠷᠡᠭᠦᠯᠦᠭᠰᠡᠨ ᠭᠠᠵᠠᠷ ᠰᠢᠷᠣᠶ ᠪᠤᠶᠤ ᠬᠠᠭᠠᠯᠪᠤᠷᠢᠯᠠᠬᠤ ᠶᠢ ᠴᠠᠭᠠᠵᠠᠯᠠᠭᠰᠠᠨ ᠭᠠᠵᠠᠷ ᠰᠢᠷᠣᠶ ᠳᠤ ᠲᠡᠭᠡᠷᠡᠬᠢ | ᠲᠠᠷᠢᠮᠠᠯ ᠢ ᠲᠠᠷᠢᠭᠰᠠᠨ︔ ᠳᠥᠷᠪᠡ ᠳᠤ ᠣᠶ ᠮᠣᠳᠣ ᠶᠢ ᠡᠪᠳᠡᠨ ᠬᠠᠭᠠᠯᠪᠤᠷᠢᠯᠠᠵᠤ᠂ ᠨᠤᠲᠤᠭ ᠪᠡᠯᠴᠢᠭᠡᠷ ᠢ ᠡᠪᠳᠡᠵᠦ | ᠳᠡᠭᠡᠷᠡᠬᠢ ᠲᠠᠷᠢᠮᠠᠯ ᠢ ᠲᠠᠷᠢᠭᠰᠠᠨ︔ ᠲᠠᠪᠤ ᠳᠤ᠂ ᠠᠲᠠᠷ ᠭᠠᠵᠠᠷ ᠢ ᠬᠠᠭᠠᠯᠪᠤᠷᠢᠯᠠᠵᠤ᠂ ᠨᠤᠲᠤᠭ ᠪᠡᠯᠴᠢᠭᠡᠷ ᠢ ᠡᠪᠳᠡᠵᠦ | ᠳᠡᠭᠡᠷᠡᠬᠢ ᠲᠠᠷᠢᠮᠠᠯ ᠢ ᠲᠠᠷᠢᠭᠰᠠᠨ︔ ᠵᠢᠷᠭᠤᠭ᠎ᠠ ᠳᠤ ᠠᠲᠠᠷ ᠭᠠᠵᠠᠷ ᠢ ᠬᠠᠭᠠᠯᠪᠤᠷᠢᠯᠠᠵᠤ᠂ ᠳᠠᠭᠠᠭᠠᠴᠢᠯᠠᠭᠰᠠᠨ ᠭᠠᠵᠠᠷ | ᠰᠢᠷᠣᠶ ᠳᠤ ᠲᠡᠭᠡᠷᠡᠬᠢ ᠲᠠᠷᠢᠮᠠᠯ ᠢ ᠲᠠᠷᠢᠭᠰᠠᠨ ᠪᠤᠯ ᠨᠦᠬᠦᠪᠦᠷᠢ ᠦᠭᠬᠦ ᠦᠭᠡᠢ᠃ | ᠬᠤᠶᠠᠷ᠂ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠠᠯᠬᠤᠮ ᠳᠠᠷᠠᠭ᠎ᠠ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠶᠢ ᠨᠠᠶᠢᠳᠠᠪᠤᠷᠢᠵᠢᠭᠤᠯᠬᠤ ᠠᠵᠢᠯ ᠢ ᠳᠥᠷᠪᠡᠨ ᠱᠠᠲᠤ ᠦᠶ᠎ᠡ | ᠬᠤᠪᠢᠶᠠᠵᠤ᠂ ᠡᠯ᠎ᠡ ᠰᠤᠮᠤ ᠪᠠᠯᠭᠠᠰᠤ ᠲᠠᠯᠠᠪᠠᠶ ᠴᠠᠭ ᠤᠨ ᠵᠠᠩᠭᠢᠶᠠᠰᠤ ᠶᠣᠰᠣᠭᠠᠷ ᠠᠵᠢᠯ ᠢᠶᠠᠨ ᠠᠬᠢᠭᠤᠯᠬᠤ ᠶᠢ | ᠵᠣᠬᠢᠶᠠᠨ ᠪᠠᠶᠢᠭᠤᠯᠵᠤ᠂ 11 ᠰᠠᠷ᠎ᠠ ᠶᠢᠨ ᠡᠬᠢᠨ ᠳᠤ ᠨᠥᠬᠦᠪᠥᠷᠢ ᠮᠥᠩᠭᠦ ᠶᠢ ᠪᠦᠬᠦᠨ ᠢ ᠪᠣᠳᠠᠲᠠᠶᠢᠵᠢᠭᠤᠯᠬᠤ | ᠬᠡᠷᠡᠭᠲᠡᠶ᠃ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠬᠦ ᠱᠠᠲᠤ ᠦᠶ᠎ᠡ ︵9 ᠳ᠋ᠤᠭᠡᠷ ᠰᠠᠷ᠎ᠠ ᠶᠢᠨ 9 ᠤ ᠡᠳᠦᠷ ᠠᠴᠠ | 9 ᠳ᠋ᠤᠭᠡᠷ ᠰᠠᠷ᠎ᠠ ᠶᠢᠨ 17 ᠤ ᠡᠳᠦᠷ︶ | ᠰᠤᠮᠤ ᠪᠠᠯᠭᠠᠰᠤ ︵ᠲᠠᠯᠠᠪᠠᠶ︶᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠤ ᠬᠤᠯᠪᠣᠭᠳᠠᠯ ᠪᠥᠬᠦᠶ | ᠬᠥᠮᠦᠰ ᠲᠤ ᠪᠣᠯᠪᠠᠰᠤᠷᠠᠭᠤᠯᠤᠯ ᠬᠢᠵᠦ᠂ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ | ᠲᠦᠮᠡᠨ ᠳᠤ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃ | ︵ᠬᠤᠶᠠᠷ︶ ᠪᠠᠶᠢᠴᠠᠭᠠᠨ ᠬᠠᠷᠭᠤᠭᠤᠯᠬᠤ ᠱᠠᠲᠤ ᠦᠶ᠎ᠡ ︵9 ᠳ᠋ᠦ᠋ᠭᠡᠷ ᠰᠠᠷ᠎ᠠ ᠶᠢᠨ 18 ᠤ ᠡᠳᠦᠷ ᠠᠴᠠ 10 | ᠳ᠋ᠤᠭᠠᠷ ᠰᠠᠷ᠎ᠠ ᠶᠢᠨ 31 ᠤ ᠡᠳᠦᠷ︶ | ᠡᠯ᠎ᠡ ᠭᠠᠵᠠᠷ ᠤᠨ ᠬᠢᠨ ᠬᠦᠴᠦᠨ ᠢᠶᠠᠨ ᠲᠥᠪᠯᠡᠷᠡᠭᠦᠯᠦᠨ᠂ ᠲᠣᠰᠬᠤᠨ ᠡᠷᠦᠬᠡ ᠳᠠᠷᠠᠭᠠᠯᠠᠨ ᠪᠠᠶᠢᠴᠠᠭᠠᠵᠤ᠂ | ᠴᠢᠩᠭ᠎ᠠ ᠬᠢᠨᠠᠨ ᠬᠠᠷᠭᠤᠭᠤᠯᠵᠤ᠂ ᠮᠠᠭᠠᠳᠯᠠᠨ ᠲᠣᠭᠲᠠᠭᠠᠵᠤ ᠳᠡᠭᠡᠭᠰᠢ ᠮᠡᠳᠡᠭᠦᠯᠵᠦ᠂ ᠲᠠᠰ ᠳᠠᠷᠠᠭᠠᠯᠠᠯ ᠢ ᠴᠢᠩᠳᠠᠯᠠᠨ᠂ | ᠲᠦᠷᠭᠡᠨ ᠠᠬᠢᠭᠤᠯᠤᠨ᠎ᠠ᠃ ︽ᠠᠩᠬ᠎ᠠ ᠮᠡᠳᠡᠭᠦᠯᠬᠦ ᠬᠠᠷᠢᠭᠤᠴᠠᠯᠭ᠎ᠠ ᠶᠢᠨ ᠲᠦᠷᠢᠮ︾᠂ ︽ᠬᠤᠶᠠᠷ ᠢ ᠢᠯᠡ | ᠨᠡᠶᠢᠲᠡᠯᠡᠬᠦ ᠳᠦᠷᠢᠮ︾ ᠪᠣᠯᠤᠨ ︽ᠭᠤᠷᠪᠠ ᠶᠢ ᠬᠢᠨᠠᠨ ᠬᠠᠷᠭᠤᠭᠤᠯᠬᠤ ᠳᠦᠷᠢᠮ︾ ᠢ ᠴᠠᠭ ᠬᠤᠭᠤᠴᠠᠭ᠎ᠠ ᠶᠣᠰᠣᠭᠠᠷ | ᠬᠡᠷᠡᠭᠵᠢᠭᠦᠯᠵᠦ᠂ ︽ᠤᠷᠢᠳᠠᠪᠠᠷ ᠮᠡᠳᠡᠭᠦᠯᠬᠦ ᠬᠠᠷᠢᠭᠤᠴᠠᠯᠭ᠎ᠠ ᠶᠢᠨ ᠳᠦᠷᠢᠮ︾᠂ ᠲᠤᠬᠠᠶᠢᠯᠠᠪᠠᠯ ᠨᠥᠬᠦᠪᠥᠷᠢ ᠶᠢ | ᠭᠤᠶᠤᠴᠢᠯᠠᠨ ᠮᠡᠳᠡᠭᠦᠯᠬᠦ ᠭᠤᠤᠯ ᠴᠣᠭᠴᠠ ᠨᠢ ᠬᠠᠮᠢᠶ᠎ᠠ ᠪᠦᠬᠦᠢ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢᠨ | ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠨ᠎ᠠ᠃ 9 ᠰᠠᠷ᠎ᠠ ᠶᠢᠨ 18 ᠤ ᠡᠳᠦᠷ ᠠᠴᠠ 9 | ᠰᠠᠷ᠎ᠠ ᠶᠢᠨ 30 ᠤ ᠡᠳᠦᠷ ᠪᠣᠯᠲᠠᠯ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠡᠯ᠎ᠡ | ᠰᠤᠮᠤ ᠪᠠᠯᠭᠠᠰᠤ ︵ᠲᠠᠯᠠᠪᠠᠶ︶ ᠶᠢ ᠰᠢᠮᠳᠠᠭᠤᠯᠵᠤ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠳᠤ ᠳᠡᠩᠰᠡᠯᠡᠨ | ᠳᠡᠪᠲᠡᠷᠯᠡᠬᠦ᠂ ᠭᠤᠶᠤᠴᠢᠯᠠᠨ ᠮᠡᠳᠡᠭᠦᠯᠬᠦ ᠪᠠ ᠲᠣᠰᠬᠤᠨ ᠤ ᠶᠠᠪᠤᠳᠠᠯ ᠤᠨ ᠢᠯᠡ ᠪᠤᠯᠤᠩ ᠳᠤ ᠠᠩᠬ᠎ᠠ ᠤᠳᠠᠭ᠎ᠠ ᠵᠠᠷᠯᠠᠨ | ᠨᠡᠶᠢᠲᠡᠯᠡᠵᠦ᠂ 7 ᠡᠳᠦᠷ ᠵᠠᠷᠯᠠᠨ ᠨᠠᠶᠢᠳᠡᠯᠡᠨ᠎ᠡ᠂ ᠲᠣᠰ ᠬᠤᠭᠤᠴᠠᠭᠠᠨ ᠳᠤ ᠡᠯ᠎ᠡ ᠭᠠᠴᠠᠭ᠎ᠠ ᠲᠣᠰᠬᠤᠨ ᠨᠠᠷᠢᠨ | ᠬᠢᠨᠠᠮᠠᠭᠠᠶ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠡᠯ᠎ᠡ ᠰᠤᠮᠤ | ᠪᠠᠯᠭᠠᠰᠤ ︵ᠲᠠᠯᠠᠪᠠᠶ︶ ᠬᠠᠷᠢᠶ᠎ᠠ ᠣᠷᠣᠨ ᠤ ᠪᠠᠨ ᠨᠥᠬᠦᠪᠥᠷᠢ ᠶᠢᠨ ᠪᠠᠶᠢᠳᠠᠯ ᠢ ᠬᠢᠨᠠᠨ ᠬᠠᠷᠭᠤᠭᠤᠯᠵᠤ | ᠬᠤᠷᠢᠶᠠᠩᠭᠤᠶᠢᠯᠠᠵᠤ᠂ ᠳᠠᠷᠠᠭ᠎ᠠ ᠨᠢ ᠲᠠᠯᠠᠪᠠᠶ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠬᠦᠯᠦᠨ᠎ᠡ︔ ᠡᠭᠦᠨ ᠤ ᠬᠠᠮᠲᠤ | ᠢᠯᠡ ᠨᠡᠶᠢᠲᠡᠯᠡᠬᠦ ᠡᠯᠧᠺᠲᠷᠤᠨ ᠬᠡᠷᠡᠯ ᠵᠢᠷᠤᠭ ᠢ ᠲᠣᠳᠣᠷᠬᠠᠶ ᠮᠡᠳᠡᠭᠦᠯᠦᠨ ᠬᠦᠷᠭᠡᠨ᠎ᠡ᠃ 10 ᠰᠠᠷ᠎ᠠ ᠶᠢᠨ 8 ᠤ | ᠡᠳᠦᠷ ᠠᠴᠠ 10 ᠰᠠᠷ᠎ᠠ ᠶᠢᠨ 18 ᠤ ᠡᠳᠦᠷ ᠪᠣᠯᠲᠠᠯ᠎ᠠ᠂ ᠬᠤᠰᠢᠭᠤᠨ ᠤ ᠵᠠᠰᠠᠭ ᠤᠨ ᠣᠷᠳᠣᠨ ᠬᠠᠮᠢᠶ᠎ᠠ ᠪᠥᠬᠦᠶ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠥᠷᠨᠢᠭᠦᠯᠵᠦ᠂ | ᠰᠠᠭᠤᠷᠢ ᠮᠠᠲ᠋ᠧᠷᠢᠶᠠᠯ ᠢ ᠴᠠᠭ ᠲᠤᠬᠠᠶ ᠳᠤᠨᠢ ᠰᠢᠨᠡᠳᠭᠡᠨ᠎ᠡ᠃ 10 ᠳ᠋ᠤᠭᠠᠷ ᠰᠠᠷ᠎ᠠ ᠶᠢᠨ 19 ᠤ ᠡᠳᠦᠷ ᠠᠴᠠ 10 | ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ᠂ ᠡᠳ᠋ ᠤᠨ ᠵᠠᠰᠠᠭ ᠤᠨ ᠲᠣᠪᠴᠢᠶ᠎ᠠ ᠬᠢᠨᠠᠨ ᠬᠠᠷᠭᠤᠭᠤᠯᠵᠤ | ᠨᠤᠲᠠᠯᠠᠭᠰᠠᠨ ᠨᠥᠬᠦᠪᠥᠷᠢ ᠶᠢᠨ ᠲᠠᠯᠠᠪᠠᠶ ᠪᠠ ᠨᠥᠬᠦᠪᠥᠷᠢ ᠶᠢᠨ ᠶᠡᠷᠦᠩᠬᠡᠶ ᠪᠠᠯᠠ ᠮᠥᠩᠭᠦ ᠶᠢ ᠦᠨᠳᠦᠰᠦᠯᠡᠨ ᠡᠯ᠎ᠡ | ᠲᠥᠷᠥᠯ ᠤᠨ ᠲᠠᠷᠢᠮᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠲᠥᠰᠦᠭᠡᠯᠡᠨ ᠪᠤᠳᠤᠨ᠎ᠠ᠃ 10 ᠰᠠᠷ᠎ᠠ ᠶᠢᠨ 21 ᠤ | ᠡᠳᠦᠷ ᠠᠴᠠ 10 ᠰᠠᠷ᠎ᠠ ᠶᠢᠨ 29 ᠤ ᠡᠳᠦᠷ ᠪᠣᠯᠲᠠᠯ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠯ᠎ᠡ | ᠰᠤᠮᠤ ᠪᠠᠯᠭᠠᠰᠤ ︵ᠲᠠᠯᠠᠪᠠᠶ︶ ᠶᠢ ᠵᠣᠬᠢᠶᠠᠨ ᠪᠠᠶᠢᠭᠤᠯᠤᠨ ᠨᠥᠬᠦᠪᠥᠷᠢ ᠶᠢᠨ ᠨᠠᠷᠢᠨ ᠲᠠᠩᠰᠠ ᠳᠤ ᠣᠷᠣᠭᠤᠯᠵᠤ᠂ | ᠨᠥᠬᠦᠪᠥᠷᠢ ᠶᠢᠨ ᠨᠠᠷᠢᠨ ᠲᠠᠩᠰᠠ ᠶᠢ ᠲᠣᠰᠬᠤᠨ ᠤ ᠶᠠᠪᠤᠳᠠᠯ ᠤᠨ ᠢᠯᠡ ᠪᠤᠯᠤᠩ ᠳᠤ ᠳᠠᠬᠢᠨᠲᠠ ᠵᠠᠷᠯᠠᠨ ᠨᠡᠶᠢᠲᠡᠯᠡᠵᠦ᠂ | ᠵᠠᠷᠯᠠᠨ ᠨᠡᠶᠢᠲᠡᠯᠡᠬᠦ ᠬᠤᠭᠤᠴᠠᠭ᠎ᠠ ᠶᠢ 7 ᠡᠳᠦᠷ ᠪᠠᠶᠢᠯᠭᠠᠨ᠎ᠠ︔ 10 ᠰᠠᠷ᠎ᠠ ᠶᠢᠨ 30 ᠤ ᠡᠳᠦᠷ᠂ ᠡᠯ᠎ᠡ ᠰᠤᠮᠤ | ᠪᠠᠯᠭᠠᠰᠤ ︵ᠲᠠᠯᠠᠪᠠᠶ︶ ᠨᠥᠬᠦᠪᠥᠷᠢ ᠶᠢᠨ ᠪᠢᠴᠢᠭ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ᠂ ᠳᠣᠲᠣᠭᠠᠳᠤ | ᠰᠦᠯᠵᠢᠶᠡᠨ ᠤ ᠲᠣᠳᠣᠷᠬᠠᠶ ᠳᠡᠪᠲᠡᠷ ᠪᠠ ᠢᠯᠡ ᠨᠡᠶᠢᠲᠡᠯᠡᠬᠦ ᠡᠯᠧᠺᠲᠷᠤᠨ ᠬᠡᠷᠡᠯ ᠵᠢᠷᠤᠭ ᠢ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠬᠤᠶᠠᠷ ᠤᠳᠠᠭ᠎ᠠ ᠵᠠᠷᠯᠠᠨ ᠨᠡᠶᠢᠲᠡᠯᠡᠭᠰᠡᠨ ᠮᠡᠳᠡᠭᠡ | ᠵᠠᠩᠭᠢ ᠨᠢ ᠡᠷᠬᠡᠪᠰᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠭᠦᠢᠴᠡᠳ ᠪᠠᠶᠢᠬᠤ ᠬᠡᠷᠡᠭᠲᠡᠶ᠂ ᠡᠭᠦᠨ ᠳᠤ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠨᠥᠬᠦᠪᠥᠷᠢ ᠥᠭᠬᠦ ᠡᠲᠡᠭᠡᠳ ᠤᠨ ᠣᠪᠣᠭ ᠨᠡᠷ᠎ᠡ᠂ ᠨᠥᠬᠦᠪᠥᠷᠢ | ᠥᠭᠬᠦ ᠲᠠᠷᠢᠮᠠᠯ᠂ ᠲᠠᠷᠢᠮᠠᠯ ᠤᠨ ᠨᠥᠬᠦᠪᠥᠷᠢ ᠥᠭᠬᠦ ᠲᠠᠯᠠᠪᠠᠶ᠂ ᠲᠠᠷᠢᠮᠠᠯ ᠤᠨ ᠨᠥᠬᠦᠪᠥᠷᠢ ᠥᠭᠬᠦ ᠪᠠᠷᠢᠮᠵᠢᠶ᠎ᠠ ᠵᠡᠷᠭᠡ | ᠠᠭᠤᠯᠭ᠎ᠠ ᠶᠢ ᠪᠠᠭᠲᠠᠭᠠᠨ᠎ᠠ︔ 10 ᠰᠠᠷ᠎ᠠ ᠶᠢᠨ 31 ᠤ ᠡᠳᠦᠷ᠂ ᠵᠠᠷᠯᠠᠨ ᠨᠡᠶᠢᠲᠡᠯᠡᠭᠰᠡᠨ ᠤ ᠳᠠᠷᠠᠭᠠᠬᠢ ᠨᠥᠬᠦᠪᠥᠷᠢ | ᠥᠭᠬᠦ ᠲᠠᠯᠠᠪᠠᠶ᠂ ᠨᠥᠬᠦᠪᠥᠷᠢ ᠥᠭᠬᠦ ᠪᠠᠷᠢᠮᠵᠢᠶ᠎ᠠ᠂ ᠨᠥᠬᠦᠪᠥᠷᠢ ᠥᠭᠬᠦ ᠶᠡᠷᠦᠩᠬᠡᠶ ᠪᠠᠯᠠ ᠮᠥᠩᠭᠦ ᠶᠢ ᠲᠦᠩᠯᠢᠶᠣᠤ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ ᠲᠠᠩᠰᠠᠯᠠᠭᠤᠯᠤᠨ᠎ᠠ᠃ | ︵ᠭᠤᠷᠪᠠ︶ ᠪᠡᠯᠡ ᠮᠦᠩᠭᠦ ᠤᠯᠭᠤᠬᠤ ᠱᠠᠲᠦ ᠦᠶ᠎ᠠ ︵11 ᠰᠠᠷ᠎ᠠ ᠶᠢᠨ 1 ᠤ ᠡᠳᠦᠷ ᠠᠴᠠ 11 | ᠰᠠᠷ᠎ᠠ ᠶᠢᠨ 4 ᠤ ᠡᠳᠦᠷ︶ | ᠦᠢᠯᠡᠳᠪᠦᠷᠢᠯᠡᠭᠴᠢ ᠶᠢᠨ ᠨᠥᠬᠦᠪᠥᠷᠢ ᠣᠯᠭᠤᠬᠤ ᠨᠡᠷᠡᠰ ᠤᠨ ᠶᠣᠰᠣᠭᠠᠷ᠂ ︽ᠪᠦᠬᠦᠨ ᠳᠤ ᠲᠣᠬᠢᠷᠠᠬᠤ ᠺᠠᠷᠲ︾ | ᠪᠤᠶᠤ ᠬᠢᠨᠠᠨ ᠬᠠᠷᠭᠤᠭᠤᠯᠤᠭᠰᠠᠨ ᠤ ᠳᠠᠷᠠᠭᠠᠬᠢ ᠪᠣᠳᠠᠲᠠᠶ ᠦᠢᠯᠡᠳᠪᠦᠷᠢᠯᠡᠭᠴᠢ ︵ᠠᠵᠤ ᠠᠬᠤᠶᠢᠯᠠᠯ︶ ᠶᠢᠨ ᠲᠠᠩᠰᠠᠨ | ᠡᠷᠦᠬᠡ ᠶᠢ ᠣᠯᠭᠤᠨ᠎ᠠ᠃ | ︵ᠲᠦᠷᠪᠡ︶ ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ︵11 ᠳ᠋ᠤᠭᠡᠷ ᠰᠠᠷ᠎ᠠ ᠶᠢᠨ 5 ᠤ ᠡᠳᠦᠷ ᠠᠴᠠ | 11 ᠳ᠋ᠤᠭᠡᠷ ᠰᠠᠷ᠎ᠠ ᠶᠢᠨ 9 ᠤ ᠡᠳᠦᠷ︶ | ᠬᠤᠰᠢᠭᠤᠨ ᠤ ᠤᠳᠤᠷᠢᠳᠬᠤ ᠳᠤᠭᠤᠶᠢᠯᠠᠩ ᠤᠨ ᠬᠢᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠡᠯ᠎ᠡ ᠰᠤᠮᠤ ᠪᠠᠯᠭᠠᠰᠤ ᠲᠠᠯᠠᠪᠠᠶ ᠶᠢᠨ ᠨᠥᠬᠦᠪᠥᠷᠢ ᠪᠠᠯᠠ ᠮᠥᠩᠭᠦ ᠣᠯᠭᠤᠭᠰᠠᠨ ᠪᠠᠶᠢᠳᠠᠯ ᠢ ᠨᠠᠷᠢᠨ | ᠬᠢᠨᠠᠮᠠᠭᠠᠶ ᠪᠠᠶᠢᠴᠠᠭᠠᠨ ᠰᠢᠯᠭᠠᠵᠤ᠂ ᠲᠠᠷᠬᠠᠭᠠᠬᠤ ᠶᠢ ᠤᠳᠠᠭᠠᠰᠢᠷᠠᠭᠤᠯᠵᠤ᠂ ᠣᠯᠭᠤᠬᠤ ᠶᠢ ᠪᠣᠳᠠᠲᠠᠶᠢᠵᠢᠭᠤᠯᠤᠭᠰᠠᠨ | ᠥᠬᠡᠶ ᠪᠠᠶᠢᠪᠠᠯ᠂ ᠰᠢᠯᠲᠠᠭᠠᠨ ᠢ ᠵᠠᠳᠠᠯᠵᠤ᠂ ᠨᠠᠷᠢᠨ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠲᠣᠭᠲᠠᠭᠰᠠᠨ | ᠬᠤᠭᠤᠴᠠᠭᠠᠨ ᠳᠤ ᠣᠯᠭᠤᠬᠤ ᠶᠢ ᠪᠠᠳᠤᠯᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠬᠤ | ᠳᠤᠭᠤᠶᠢᠯᠠᠩ ᠪᠠᠶᠢᠭᠤᠯᠵᠤ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠬᠥᠭᠵᠢᠭᠦᠯᠦᠯᠲᠡ ᠥᠭᠡᠷᠡᠴᠢᠯᠡᠯᠲᠡ | ᠵᠡᠷᠭᠡ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠦᠢᠯᠡᠳᠪᠦᠷᠢᠯᠡᠭᠴᠢᠳ ᠲᠤ ᠨᠥᠬᠦᠪᠥᠷᠢ | ᠥᠭᠬᠦ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠥᠬᠦᠶ ᠰᠠᠯᠠᠭ᠎ᠠ | ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠮᠠᠨ ᠤ ᠬᠤᠰᠢᠭᠤᠨ ᠤ ᠦᠢᠯᠡᠳᠪᠦᠷᠢᠯᠡᠭᠴᠢᠳ ᠲᠤ | ᠨᠥᠬᠦᠪᠥᠷᠢ ᠥᠭᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠲᠠᠢ ᠬᠠᠮᠲᠤᠷᠠᠨ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠣᠨ ᠤ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠰᠤᠮᠤ ᠪᠠᠯᠭᠠᠰᠤ ᠶᠢ ᠵᠢᠯᠣᠭᠤᠳᠤᠨ ᠣᠨ ᠤ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠥᠬᠦᠪᠥᠷᠢ ᠥᠭᠬᠦ | ᠲᠠᠯᠠᠪᠠᠶ᠂ ᠲᠠᠷᠢᠮᠠᠯ ᠤᠨ ᠲᠥᠷᠥᠯ ᠬᠡᠯᠪᠡᠷᠢ ᠵᠡᠷᠭᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠠᠮᠵᠢᠯᠴᠠᠨ᠎ᠠ᠃ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠣᠨ ᠤ ᠦᠢᠯᠡᠳᠪᠦᠷᠢᠯᠡᠭᠴᠢᠳ ᠲᠤ ᠣᠯᠭᠤᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ | ᠨᠥᠬᠦᠪᠥᠷᠢ ᠶᠢᠨ ᠪᠡᠯᠡ ᠮᠥᠩᠭᠦ ᠶᠢ ᠲᠥᠰᠦᠭᠡᠯᠡᠨ ᠪᠣᠳᠣᠬᠤ᠂ ᠰᠠᠯᠭᠠᠨ ᠥᠭᠬᠦ ᠵᠡᠷᠭᠡ ᠠᠵᠢᠯ ᠢ ᠰᠠᠶᠢᠲᠤᠷ ᠬᠢᠬᠦ ᠶᠢ | ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠡᠷᠳᠡᠨᠢ ᠰᠢᠰᠢ᠂ ᠰᠢᠷ᠎ᠠ ᠪᠤᠷᠴᠠᠭ | ᠂ ᠲᠥᠮᠥᠰᠥ ᠦᠢᠯᠡᠳᠪᠦᠷᠢᠯᠡᠬᠦ ᠥᠪᠡᠷ ᠤᠨ ᠥᠷᠲᠡᠭ ᠤᠨ ᠠᠰᠢᠭ ᠣᠷᠣᠯᠭ᠎ᠠ ᠪᠣᠯᠤᠨ ᠵᠠᠬ᠎ᠠ ᠳᠡᠯᠭᠡᠭᠦᠷ ᠤᠨ ᠦᠨ᠎ᠡ | ᠬᠠᠩᠰᠢ ᠶᠢ ᠬᠢᠨᠠᠨ ᠬᠡᠮᠵᠢᠬᠦ ᠵᠡᠷᠭᠡ ᠠᠵᠢᠯ ᠢ ᠬᠠᠷᠢᠭᠤᠴᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠶᠢᠴᠠᠭᠠᠯᠲᠠ ᠶᠢᠨ ᠠᠩᠭᠢ ᠶᠢᠨ ᠬᠢᠨ ᠬᠡᠷᠡᠭᠰᠡᠬᠦ ᠡᠷᠳᠡᠨᠢ ᠰᠢᠰᠢ᠂ | ᠰᠢᠷ᠎ᠠ ᠪᠤᠷᠴᠠᠭ ᠪᠣᠯᠤᠨ ᠲᠥᠮᠥᠰᠥ ᠳᠠᠷᠢᠬᠤ ᠲᠠᠯᠠᠪᠠᠶ ᠪᠠ ᠤᠨᠠᠯᠲᠠ ᠶᠢ ᠲᠥᠰᠦᠭᠡᠯᠡᠨ ᠪᠤᠳᠤᠬᠤ ᠶᠢ ᠬᠠᠷᠢᠭᠤᠴᠠᠨ᠎ᠠ᠃ | | ︵ᠬᠤᠶᠠᠷ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠥᠬᠦᠪᠥᠷᠢ ᠶᠢᠨ ᠪᠡᠯᠡ ᠮᠥᠩᠭᠦ ᠶᠢ | ᠡᠷᠬᠡᠪᠰᠢ ᠪᠦᠬᠦᠨ ᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ | ᠥᠭᠬᠦ ᠳᠤ ᠬᠡᠷᠡᠭᠯᠡᠵᠦ᠂ ︽ᠠᠮᠤ ᠪᠤᠳᠠᠭᠠᠨ ᠤ ᠪᠤᠰᠤ ᠪᠣᠯᠭᠠᠬᠤ︾ ᠵᠠᠷᠤᠯᠭ᠎ᠠ ᠳᠤ ᠬᠡᠷᠡᠭᠯᠡᠬᠦ ᠶᠢ ᠴᠢᠩᠭ᠎ᠠ | ᠴᠠᠭᠠᠵᠠᠯᠠᠬᠤ ᠶᠢᠨ ᠬᠠᠮᠲᠤ ᠴᠠᠭ ᠲᠤᠬᠠᠶ ᠳᠤᠨᠢ᠂ ᠭᠦᠢᠴᠡᠳ ᠲᠤᠭ᠎ᠠ ᠪᠠᠷ ᠣᠯᠭᠤᠬᠤ ᠶᠢ ᠴᠢᠩᠭ᠎ᠠ ᠴᠠᠭᠠᠵᠠᠯᠠᠨ᠎ᠠ᠃ | ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ ᠶᠢ ᠠᠮᠤ ᠪᠤᠳᠠᠭᠠᠨ ᠤ ᠠᠶᠤᠯ | ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠶ ᠲᠠᠩᠰᠠᠨ ᠡᠷᠦᠬᠡ ᠳᠤ ᠣᠷᠣᠭᠤᠯᠤᠨ ᠬᠠᠮᠢᠶᠠᠷᠬᠤ ᠶᠢᠨ ᠬᠠᠮᠲᠤ | ᠲᠤᠰᠬᠠᠶ ᠡᠷᠦᠬᠡ ᠶᠢᠨ ᠳᠣᠲᠣᠷᠠᠬᠢ ᠪᠤᠰᠤᠳ ᠨᠥᠬᠦᠪᠥᠷᠢ ᠶᠢᠨ ᠪᠠᠯᠠ ᠮᠥᠩᠭᠦ ᠯᠦᠭᠡ ᠲᠠᠩᠰᠠ ᠬᠤᠪᠢᠶᠠᠨ ᠲᠣᠭᠠᠴᠠᠭ᠎ᠠ | ᠬᠢᠨ᠎ᠡ︔ ᠡᠯ᠎ᠡ ᠵᠦᠢᠯ ᠤᠨ ᠨᠥᠬᠦᠪᠥᠷᠢ ᠶᠢᠨ ᠬᠤᠭᠤᠷᠣᠨᠳᠣ ᠲᠤᠰᠠᠭᠠᠷ ᠲᠤᠰᠬᠠᠵᠤ᠂ ᠬᠤᠯᠢᠯᠳᠤᠭᠤᠯᠤᠨ ᠬᠡᠷᠡᠭᠯᠡᠵᠦ | ᠪᠣᠯᠬᠤ ᠦᠭᠡᠢ᠂ ᠲᠣᠭᠲᠠᠭᠠᠯ ᠠᠴᠠ ᠵᠥᠷᠢᠴᠡᠨ ᠲᠤᠰᠬᠠᠶ ᠲᠠᠩᠰᠠᠨ ᠡᠷᠦᠬᠡ ᠪᠠᠷ ᠰᠢᠯᠵᠢᠭᠦᠯᠦᠨ ᠲᠣᠭᠠᠴᠠᠭ᠎ᠠ ᠬᠢᠵᠦ | ᠪᠣᠯᠬᠤ ᠦᠭᠡᠢ᠃ ᠡᠷᠦᠬᠡ ᠳᠤ ᠬᠦᠷᠲᠡᠯ᠎ᠡ ᠰᠢᠭᠤᠳ ᠣᠯᠭᠤᠬᠤ ᠪᠤᠶ ᠪᠦᠬᠦᠢ ᠨᠥᠬᠦᠪᠥᠷᠢ ᠶᠢᠨ ᠪᠡᠯᠡ ᠮᠥᠩᠭᠦ ᠶᠢ ︽ | ᠪᠦᠬᠦᠨ ᠳᠤ ᠳᠤᠬᠢᠷᠠᠬᠤ ᠺᠠᠷᠲ︾ ᠪᠤᠶᠤ ᠬᠢᠨᠠᠨ ᠬᠠᠷᠭᠤᠭᠤᠯᠤᠭᠰᠠᠨ ᠤ ᠳᠠᠷᠠᠭᠠᠬᠢ ᠪᠣᠳᠠᠲᠠᠶ ᠦᠢᠯᠡᠳᠪᠦᠷᠢᠯᠡᠭᠴᠢ ︵ | ᠠᠵᠤ ᠠᠬᠤᠶᠢᠯᠠᠯ︶︶ ᠳᠠᠩᠰᠠᠨ ᠤ ᠡᠵᠡᠨ ᠳᠤ ᠲᠠᠷᠬᠠᠭᠠᠵᠤ ᠪᠣᠯᠣᠨ᠎ᠠ᠃ ᠬᠠᠮᠲᠤ ᠨᠡᠶᠢᠳᠡ ᠨᠥᠬᠦᠪᠥᠷᠢ ᠪᠡᠯᠡ | ᠮᠥᠩᠭᠦ ᠶᠢ ᠣᠷᠣᠯᠠᠨ ᠠᠪᠬᠤ ᠶᠢ ᠴᠠᠭᠠᠵᠠᠯᠠᠵᠤ᠂ ᠡᠯ᠎ᠡ ᠵᠦᠢᠯ ᠤᠨ ᠵᠠᠷᠤᠳᠠᠯ ᠢ ᠰᠠᠭᠤᠯᠭᠠᠨ ᠠᠪᠬᠤ ᠶᠢ ᠴᠠᠭᠠᠵᠠᠯᠠᠨ᠎ᠠ᠃ | ᠪᠡᠯᠡ ᠮᠥᠩᠭᠦ ᠰᠠᠯᠭᠠᠨ ᠥᠭᠬᠦ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠰᠦᠪ ᠪᠠ | ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ | ᠬᠡᠷᠡᠭᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ ᠥᠭᠬᠦ | ᠲᠥᠰᠦᠪ ᠪᠠ ᠲᠥᠰᠦᠪ ᠤᠨ ᠭᠦᠢᠴᠡᠳᠬᠡᠯ ᠨᠢ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠳᠤᠯᠠᠨ᠎ᠠ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠨᠥᠬᠦᠪᠥᠷᠢ ᠥᠭᠬᠦ ᠶᠢ | ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤᠨ ᠤ ᠤᠳᠤᠷᠢᠳᠬᠤ ᠳᠤᠭᠤᠶᠢᠯᠠᠩ ᠤᠨ ᠬᠢᠨ ᠣᠯᠭᠤᠭᠰᠠᠨ ᠪᠠᠶᠢᠳᠠᠯ ᠢ | ᠵᠣᠬᠢᠬᠤ ᠬᠠᠷᠢᠴᠠᠯ ᠢᠶᠠᠷ ᠰᠣᠩᠭᠤᠨ ᠪᠠᠶᠢᠴᠠᠭᠠᠵᠤ᠂ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠠᠷᠭ᠎ᠠ | ᠮᠠᠶ᠋ᠢᠭ ᠢᠶᠠᠷ ᠬᠢᠨᠠᠨ ᠬᠠᠷᠭᠤᠭᠤᠯᠵᠤ᠂ ᠨᠥᠬᠦᠪᠥᠷᠢ ᠶᠢᠨ ᠪᠠᠯᠠ ᠮᠥᠩᠭᠦ ᠣᠯᠭᠤᠬᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠬᠢᠨᠠᠨ ᠬᠠᠷᠭᠤᠭᠤᠯᠬᠤ ᠠᠵᠢᠯ ᠳᠤ ᠪᠠᠶᠢᠴᠠᠭᠠᠯᠲᠠ ᠬᠢᠨ᠎ᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠤᠨ ᠡᠯ᠎ᠡ ᠰᠤᠮᠤ ᠪᠠᠯᠭᠠᠰᠤ ︵ᠲᠠᠯᠠᠪᠠᠢ︶ | ︶ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ | ᠵᠢᠯᠣᠭᠤᠳᠬᠤ ᠪᠠᠨ ᠴᠢᠩᠭᠠᠳᠬᠠᠬᠤ ᠶᠢᠨ ᠬᠠᠮᠲᠤ ᠬᠢᠨᠠᠯᠲᠠ ᠲᠠᠯᠪᠢᠬᠤ ᠤᠲᠠᠰᠤ ᠪᠠᠨ ᠨᠡᠶᠢᠲᠡᠯᠡᠵᠦ᠂ ᠡᠯ᠎ᠡ ᠵᠦᠢᠯ ᠤᠨ | ᠬᠢᠨᠠᠯᠲᠠ ᠲᠠᠯᠪᠢᠬᠤ ᠬᠡᠯᠪᠡᠷᠢ ᠶᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠬᠢᠨᠠᠯᠲᠠ ᠶᠢ ᠥᠷᠭᠡᠨ ᠢᠶᠠᠷ | ᠬᠦᠯᠢᠶᠡᠵᠦ᠂ ᠣᠯᠵᠤ ᠮᠡᠳᠡᠭᠰᠡᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ | ᠴᠢᠩᠭ᠎ᠠ ᠰᠢᠢᠳᠪᠦᠷᠢᠯᠡᠨ᠎ᠡ᠃ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠪᠣᠳᠠᠲᠠᠶ ᠬᠡᠷᠡᠭᠵᠢᠭᠦᠯᠬᠦ ᠠᠵᠢᠯ ᠢ | ᠪᠣᠯᠭᠤᠮᠵᠢᠲᠠᠶ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠵᠤ᠂ ᠠᠰᠠᠭᠤᠳᠠᠯ ᠭᠠᠷᠴᠤ ᠮᠡᠳᠡᠬᠦ ᠠᠷᠭᠠᠴᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠰᠤᠳᠤᠯᠤᠨ | ᠰᠠᠶᠢᠲᠤᠷ ᠬᠢᠵᠦ᠂ ᠵᠥᠷᠢᠴᠡᠯ ᠪᠠ ᠵᠢᠭᠤᠷᠠᠯᠳᠤᠭᠠᠨ ᠡᠭᠦᠰᠬᠦ ᠠᠴᠠ ᠵᠠᠶᠢᠯᠠᠰᠬᠢᠨ᠎ᠠ᠃ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠠᠵᠢᠯᠲᠠᠨ ᠢᠶᠠᠨ ᠵᠣᠬᠢᠶᠠᠨ ᠪᠠᠶᠢᠭᠤᠯᠤᠨ ᠬᠡᠷᠡᠭ ᠤᠨ ᠡᠮᠦᠨᠡᠬᠢ᠂ ᠬᠡᠷᠡᠭ ᠤᠨ | ᠳᠠᠷᠠᠭᠠᠬᠢ ᠬᠢᠨᠠᠯᠲᠠ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠬᠤ ᠶᠢᠨ | ᠬᠠᠮᠲᠤ ᠪᠠᠶᠢᠴᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠨ᠎ᠡ᠃ | ︵ᠳᠥᠷᠪᠡ︶ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠰᠤᠮᠤ ᠪᠠᠯᠭᠠᠰᠤ ᠲᠠᠯᠠᠪᠠᠢ ᠡᠳ᠋ ᠤᠨ ᠵᠠᠰᠠᠭ | ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ | ᠲᠠᠷᠢᠭᠴᠢ ᠶᠢᠨ ᠨᠥᠬᠦᠪᠥᠷᠢ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠤᠪᠢᠶᠠᠷᠢᠯᠠᠬᠤ᠂ | ᠬᠡᠷᠡᠭᠯᠡᠬᠦ ᠵᠡᠷᠭᠡ ᠭᠤᠭᠴᠤᠭ᠎ᠠ ᠶᠢᠨ ᠠᠵᠢᠯ ᠤᠨ ᠳᠤᠮᠳᠠ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠨᠥᠬᠦᠪᠥᠷᠢ | ᠪᠡᠯᠡ ᠮᠥᠩᠭᠦ ᠶᠢ ᠮᠡᠬᠡᠯᠡᠨ ᠠᠪᠴᠤ ᠪᠣᠯᠬᠤ ᠦᠭᠡᠢ︔ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ᠂ | ᠨᠥᠬᠦᠪᠥᠷᠢ ᠪᠡᠯᠡ ᠮᠥᠩᠭᠦ ᠶᠢ ᠳᠤᠷ᠎ᠠ ᠪᠠᠷ ᠢᠶᠠᠨ ᠦᠯᠡᠳᠡᠭᠡᠨ ᠠᠪᠴᠤ ᠨᠡᠭᠦᠯᠭᠡᠨ ᠬᠡᠷᠡᠭᠯᠡᠵᠦ ᠪᠣᠯᠬᠤ ᠦᠭᠡᠢ︔ | ᠨᠥᠬᠦᠴᠡᠯ ᠳᠤ ᠨᠡᠶᠢᠴᠡᠬᠦ ᠦᠭᠡᠶ ᠨᠢᠭᠡᠴᠡ ︵ᠪᠤᠶᠤ ᠲᠥᠷᠥᠯ ᠵᠦᠢᠯ︶ ᠲᠤ ᠲᠣᠭᠲᠠᠭᠠᠯ ᠠᠴᠠ ᠵᠥᠷᠢᠴᠡᠨ | ᠬᠤᠪᠢᠶᠠᠷᠢᠯᠠᠵᠤ ᠪᠣᠯᠬᠤ ᠦᠭᠡᠢ᠃ ᠪᠡᠯᠡ ᠮᠥᠩᠭᠦ ᠶᠢ ᠬᠤᠪᠢᠶᠠᠷᠢᠯᠠᠬᠤ ᠳᠠᠭᠠᠨ ᠲᠣᠭᠲᠠᠭᠠᠭᠰᠠᠨ ᠬᠡᠪᠴᠢᠶ᠎ᠡ ᠪᠠ | ᠪᠠᠷᠢᠮᠵᠢᠶ᠎ᠠ ᠠᠴᠠ ᠳᠤᠷ᠎ᠠ ᠪᠠᠷ ᠢᠶᠠᠨ ᠳᠠᠪᠠᠭᠤᠯᠤᠨ ᠪᠡᠯᠡ ᠮᠥᠩᠭᠦ ᠶᠢ ᠬᠤᠪᠢᠶᠠᠷᠢᠯᠠᠬᠤ ᠪᠤᠶᠤ ᠬᠡᠷᠡᠭᠯᠡᠵᠦ ᠪᠣᠯᠬᠤ ᠦᠭᠡᠶ | ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠨᠥᠬᠦᠪᠥᠷᠢ ᠪᠡᠯᠡ | ᠮᠥᠩᠭᠦ ᠶᠢ ᠮᠡᠬᠡᠯᠡᠨ ᠠᠪᠬᠤ ᠵᠡᠷᠭᠡ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤ | ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠢ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ | ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ᠂ | ᠰᠠᠬᠢᠯᠭ᠎ᠠ ᠪᠠᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠤᠬᠠᠭᠤᠯᠬᠤ ᠡᠷᠴᠢᠮ ᠢᠶᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤ ︵ᠲᠠᠯᠠᠪᠠᠢ︶ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠤᠬᠠᠭᠤᠯᠭ᠎ᠠ ᠶᠢᠨ ᠳᠡᠪᠲᠡᠷ᠂ | ᠤᠬᠠᠭᠤᠯᠭ᠎ᠠ ᠶᠢᠨ ᠤᠷᠢᠶ᠎ᠠ ᠯᠣᠽᠦ᠋ᠩ ᠵᠡᠷᠭᠡ ᠬᠡᠯᠪᠡᠷᠢ ᠪᠠᠷ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠡᠷᠦᠬᠡ ᠳᠤ | ᠬᠦᠷᠲᠡᠯ᠎ᠡ ᠤᠬᠠᠭᠤᠯᠵᠤ᠂ ᠥᠷᠭᠡᠨ ᠣᠯᠠᠨ ᠲᠦᠮᠡᠨ ᠳᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ | ᠲᠠᠷᠢᠭᠴᠢᠳ ᠲᠤ ᠨᠥᠬᠦᠪᠥᠷᠢ ᠥᠭᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠶ ᠣᠶᠢᠯᠠᠭᠠᠭᠤᠯᠵᠤ᠂ | ᠨᠥᠬᠦᠪᠥᠷᠢ ᠣᠯᠭᠤᠬᠤ ᠡᠲᠡᠭᠡᠳ᠂ ᠪᠠᠷᠢᠮᠵᠢᠶ᠎ᠠ᠂ ᠨᠦᠬᠦᠪᠦᠷᠢ ᠥᠭᠬᠦ ᠠᠷᠭ᠎ᠠ ᠮᠠᠶ᠋ᠢᠭ ᠪᠣᠯᠤᠨ ᠴᠠᠭ ᠬᠤᠭᠤᠴᠠᠭ᠎ᠠ | ᠵᠡᠷᠭᠡ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠡᠵᠡᠮᠰᠢᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠨ᠎ᠠ᠃ | | ᠳᠠᠭᠠᠯᠳᠤᠭᠤᠯᠤᠯ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠷᠳᠡᠨᠢ ᠰᠢᠰᠢ᠂ ᠰᠢᠷ᠎ᠠ ᠪᠤᠷᠴᠠᠭ ᠪᠠ | ᠲᠥᠮᠥᠰᠥ ᠲᠠᠷᠢᠭᠴᠢ ᠳᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ | ᠳᠠᠭᠠᠯᠳᠤᠭᠤᠯᠤᠯ᠄ | ᠬᠤᠰᠢᠭᠤᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠴᠢ ᠳᠤ ᠨᠥᠬᠦᠪᠥᠷᠢ ᠥᠭᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ | ᠳᠤᠭᠤᠶᠢᠯᠠᠩ ᠤᠨ ᠳᠠᠷᠤᠭ᠎ᠠ᠄ ᠯᠢᠦ ᠶᠢᠨ ᠱᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠪᠦᠷᠢᠯᠳᠦᠬᠦᠨ᠄ ᠸᠠᠩ ᠰᠢᠤᠸᠠᠢ ᠵᠢᠶᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ | ᠸᠠᠩ ᠮᠠᠨ ᠫᠢᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠡᠨ ᠳᠠᠷᠤᠭ᠎ᠠ | ᠬᠤ᠋ ᠶᠢᠨ ᠮᠢᠩ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠲᠣᠪᠴᠢᠶᠡᠨ ᠳᠠᠷᠤᠭ᠎ᠠ | ᠭᠤᠤ ᠫᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ | ᠲᠠᠯᠠᠢ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠬᠤᠷᠴᠢᠨ ᠵᠡᠬᠦᠨ ᠭᠠᠷᠤᠨ | ᠬᠤᠶᠢᠳᠤ ᠬᠤᠰᠢᠭᠤᠨ ᠤ ᠪᠠᠶᠢᠴᠠᠭᠠᠬᠤ ᠠᠩᠬᠢ ᠶᠢᠨ ᠲᠠᠷᠤᠭ᠎ᠠ | ᠵᠢᠶᠠᠩ ᠵᠢᠦ ᠰᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ | ᠳ᠋ᠦᠩ ᠮᠧᠢ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠳᠡᠳ᠋ ᠳᠠᠷᠤᠭ᠎ᠠ | ᠡᠷᠭᠦᠮᠵᠢ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ | ᠭᠦᠸᠧ ᠴᠠᠩ ᠵᠢᠶᠠᠩ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ | ᠦᠢᠯᠡᠴᠢᠯᠡᠭᠡᠨ ᠤ ᠲᠥᠪ ᠤᠨ ᠡᠷᠬᠢᠯᠡᠭᠴᠢ | ᠤᠳᠤᠷᠢᠳᠬᠤ ᠲᠤᠭᠤᠶᠢᠯᠠᠩ ᠤᠨ ᠲᠤᠤᠷ᠎ᠠ ᠠᠯᠪᠠᠨ ᠭᠡᠷ ᠲᠤᠬᠢᠷᠠᠭᠤᠯᠵᠤ᠂ ᠬᠤᠷᠴᠢᠨ ᠵᠡᠬᠦᠨ ᠭᠠᠷᠤᠨ ᠬᠤᠶᠢᠳᠤ | ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠸᠠᠩ ᠮᠠᠨ ᠫᠢᠩ ᠨᠦᠬᠦᠷ ᠬᠠᠪᠰᠤᠷᠭᠠᠨ ᠬᠠᠷᠢᠭᠤᠴᠠᠵᠥ᠂ ᠠᠯᠪᠠᠨ ᠭᠡᠷ ᠤᠨ ᠲᠡᠳ᠋ ᠡᠷᠬᠢᠯᠡᠭᠴᠢ ᠳ᠋ᠦᠩ | ᠮᠸᠢ᠂ ᠠᠯᠪᠠᠨ ᠭᠡᠷ ᠤᠨ ᠠᠵᠢᠯᠳᠠᠨ ᠹᠧᠩ ᠰᠢᠤᠸᠠᠢ᠂ ᠸᠠᠩ ᠠᠨ ᠫᠢᠩ᠂ ᠵᠠᠩ ᠰᠢᠨ ᠡᠷᠳᠡᠨᠢ ᠰᠢᠰᠢ᠂ ᠰᠢᠷ᠎ᠠ | ᠪᠤᠷᠴᠠᠭ ᠪᠠ ᠲᠦᠮᠦᠰᠦ ᠦᠢᠯᠡᠳᠪᠤᠷᠢᠯᠡᠭᠴᠢᠳ ᠲᠤ ᠨᠦᠬᠦᠪᠦᠷᠢ ᠦᠭᠬᠦ ᠡᠳᠤᠷ ᠲᠤᠳᠤᠮ ᠤᠨ ᠠᠵᠢᠯ ᠢ | ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠨᠢ ᠬᠤᠰᠢᠭᠤᠨ ᠤ ᠵᠠᠰᠠᠭ ᠤᠨ ᠣᠷᠳᠣᠨ ᠤ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠪᠤᠯᠵᠤ ᠪᠣᠯᠬᠤ ᠥᠬᠡᠶ᠂ ᠣᠨ ᠤ ᠨᠥᠬᠦᠪᠥᠷᠢ ᠣᠯᠭᠤᠬᠤ ᠡᠭᠦᠷᠭᠡ ᠳᠠᠭᠤᠰᠤᠭᠰᠠᠨ ᠤ | ᠳᠠᠷᠠᠭ᠎ᠠ ᠥᠪᠡᠰᠦᠪᠡᠨ ᠬᠦᠴᠦᠨ ᠥᠬᠡᠶ ᠪᠤᠯᠤᠨ᠎ᠠ᠃ | |