ᠡᠨᠡ ᠵᠢᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠥᠪ ᠤᠨ ᠴᠡᠭ ᠲᠣᠭᠲᠠᠭᠠᠨ ᠬᠠᠪᠰᠤᠷᠤᠨ | ᠲᠡᠳᠬᠦᠬᠦ ᠨᠢᠭᠡᠴᠡ — ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ ︵ᠲᠤᠷᠤᠨᠠᠳᠤ ᠤᠷᠤᠨ︶ | ᠶᠢᠨ ᠰᠤᠷᠭᠠᠭᠤᠯᠢ ᠶᠢᠨ ᠲᠣᠭᠤᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠳᠤ ᠲᠦᠰᠢᠭᠯᠡᠨ᠂ | ᠠᠮᠢᠳᠤ ᠪᠣᠳᠠᠰ ᠤᠨ ᠢᠯᠵᠢᠮᠡᠭ ᠤᠷᠭᠤᠮᠠᠯ ᠤᠨ ᠬᠦᠴᠢᠯ ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠨ ᠬᠥᠷᠥᠰᠥ | ᠰᠢᠷᠣᠶ ᠶᠢ ᠵᠠᠰᠠᠨ ᠰᠡᠷᠭᠦᠭᠡᠬᠦ ᠡᠮ ᠡᠭᠦᠳᠦᠨ ᠦᠢᠯᠡᠳᠴᠦ᠂ ᠬᠤᠵᠢᠷᠰᠢᠭᠰᠠᠨ ᠤᠰᠤᠨ ᠲᠤᠲᠤᠷᠭ᠎ᠠ ᠶᠢᠨ ᠲᠠᠷᠢᠶ᠎ᠠ ᠶᠢ | ᠰᠠᠶᠢᠵᠢᠷᠠᠭᠤᠯᠤᠨ ᠰᠡᠷᠭᠦᠭᠡᠬᠦ ᠲᠤᠷᠰᠢᠯᠲᠠ ᠦᠷᠨᠢᠭᠦᠯᠦᠭᠡᠳ᠂ ᠤᠨᠠᠯᠳᠠ ᠪᠠᠨ ᠲᠡᠭᠡᠭᠰᠢᠯᠡᠬᠦᠯᠵᠦ ᠣᠷᠣᠯᠭ᠎ᠠ ᠪᠠᠨ | ᠨᠡᠮᠡᠭᠳᠡᠭᠦᠯᠬᠦ ᠶᠢ ᠪᠡᠶᠡᠯᠡᠭᠦᠯᠪᠡ᠃ | | ᠡᠨᠡ ᠵᠢᠯ ᠪᠠᠭᠠᠳᠠᠯ᠎ᠠ ᠰᠤᠮᠤ ᠶᠢᠨ ᠬᠤᠸᠡᠭᠧᠨ ᠭᠠᠴᠠᠭ᠎ᠠ ᠳᠠᠬᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ | — ᠳᠤᠮᠳᠠᠳᠤ ᠤᠯᠤᠰ ᠤᠨ ᠴᠢᠯᠠᠭᠤᠨ ᠲᠤᠰᠤᠨ ᠤ ᠶᠡᠭᠡ ᠰᠤᠷᠭᠠᠭᠤᠯᠢ ︵ᠲᠤᠷᠤᠨᠠᠳᠤ ᠤᠷᠤᠨ︶ ᠶᠢᠨ ᠠᠮᠢᠳᠤ | ᠪᠣᠳᠠᠰ ᠤᠨ ᠢᠯᠵᠢᠮᠡᠭ ᠤᠷᠭᠤᠮᠠᠯ ᠤᠨ ᠬᠦᠴᠢᠯ ᠢᠶᠠᠷ ᠬᠥᠷᠥᠰᠥ ᠰᠢᠷᠣᠶ ᠶᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ | ᠲᠥᠷᠥᠯ ᠵᠦᠢᠯ ᠤᠨ ᠣᠷᠣᠨ ᠤ ᠤᠰᠤᠨ ᠲᠤᠲᠤᠷᠭ᠎ᠠ ᠡᠯᠪᠡᠭ ᠬᠤᠷᠢᠶᠠᠯᠲᠠ ᠤᠯᠪᠠ᠃ | | ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ — ᠳᠤᠮᠳᠠᠳᠤ ᠤᠯᠤᠰ ᠤᠨ ᠴᠢᠯᠠᠭᠤᠨ | ᠲᠣᠰᠣᠨ ᠤ ᠶᠡᠭᠡ ᠰᠤᠷᠭᠠᠭᠤᠯᠢ ︵ᠲᠤᠷᠤᠨᠠᠳᠤ ᠤᠷᠤᠨ︶ ᠶᠢᠨ ᠠᠮᠢᠳᠤ ᠪᠣᠳᠠᠰ ᠤᠨ ᠢᠯᠵᠢᠮᠡᠭ ᠤᠷᠭᠤᠮᠠᠯ ᠤᠨ | ᠬᠦᠴᠢᠯ ᠢᠶᠠᠷ ᠬᠥᠷᠥᠰᠥ ᠰᠢᠷᠣᠶ ᠶᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠨᠢ ᠨᠠᠢᠮᠠᠳᠤᠭᠠᠷ | ᠬᠤᠭᠤᠴᠠᠭᠠᠨ ᠤ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠤᠨᠢᠨ | ᠳᠡᠭᠡᠷ᠎ᠡ ᠨᠢ ᠬᠠᠪᠰᠤᠷᠤᠨ ᠲᠡᠳᠬᠦᠭᠰᠡᠨ ᠨᠡᠶᠢᠲᠡᠯᠢᠭ ᠲᠥᠷᠥᠯ ᠵᠦᠢᠯ ᠢᠶᠠᠷ ᠦᠨᠡᠯᠡᠭᠳᠡᠵᠡᠶ᠃ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠬᠥᠷᠥᠰᠥ ᠰᠢᠷᠣᠶ ᠶᠢᠨ ᠡᠯᠡᠰᠦᠷᠬᠡᠭᠵᠢᠯᠲᠡ᠂ ᠬᠤᠵᠢᠷᠰᠢᠯ ᠵᠢᠴᠢ ᠲᠠᠴᠢᠷ ᠨᠢᠮᠭᠡᠨ | ᠣᠨᠴᠠᠯᠢᠭ ᠢ ᠦᠨᠳᠦᠰᠦᠯᠡᠨ᠂ ᠠᠮᠢᠳᠤ ᠪᠣᠳᠠᠰ ᠤᠨ ᠢᠯᠵᠢᠮᠡᠭ ᠤᠷᠭᠤᠮᠠᠯ ᠤᠨ ᠬᠦᠴᠢᠯ ᠢᠶᠠᠷ ᠭᠤᠤᠯ ᠲᠦᠭᠦᠬᠡᠶ | ᠮᠠᠲ᠋ᠧᠷᠢᠶᠠᠯ ᠪᠣᠯᠭᠠᠨ ᠬᠥᠷᠥᠰᠥ ᠰᠢᠷᠣᠶ ᠶᠢ ᠵᠠᠰᠠᠨ ᠰᠡᠷᠭᠦᠭᠡᠬᠦ ᠡᠮ ᠢ ᠡᠭᠦᠳᠦᠨ ᠦᠢᠯᠡᠳᠦᠭᠰᠡᠨ ᠤ ᠳᠠᠷᠠᠭ᠎ᠠ ᠤᠰᠤᠨ | ᠲᠤᠲᠤᠷᠭ᠎ᠠ ᠳᠠᠷᠢᠵᠤ᠂ ᠲᠣᠰ ᠭᠠᠵᠠᠷ ᠣᠷᠣᠨ ᠤ ᠲᠠᠴᠢᠷᠳᠠᠭᠰᠠᠨ ᠲᠠᠷᠢᠶᠠᠨ ᠭᠠᠵᠠᠷ ᠢ ᠰᠠᠶᠢᠵᠢᠷᠠᠭᠤᠯᠤᠨ ᠵᠠᠰᠠᠬᠤ | ᠬᠠᠮᠤᠭ ᠤᠨ ᠰᠢᠯᠢᠳᠡᠭ ᠲᠥᠰᠦᠯ ᠢ ᠬᠠᠶᠢᠨ ᠰᠦᠪᠡᠭᠴᠢᠯᠡᠵᠦ᠂ ᠡᠰᠢ ᠰᠦᠷᠡᠯ ᠢ ᠪᠣᠬᠢᠷᠲᠤᠯ ᠥᠬᠡᠶ ᠪᠠᠷ ᠲᠠᠷᠢᠶᠠᠨ ᠳᠤ | ᠪᠤᠴᠠᠭᠠᠬᠤ᠂ ᠬᠥᠷᠥᠰᠥ ᠰᠢᠷᠣᠶ ᠶᠢ ᠪᠣᠬᠢᠷᠲᠤᠯ ᠥᠬᠡᠶ ᠥᠪᠡᠷ ᠤᠨ ᠥᠷᠲᠡᠭ ᠪᠠᠭ᠎ᠠ ᠪᠠᠷ ᠰᠡᠷᠭᠦᠭᠡᠬᠦ ᠵᠢᠴᠢ | ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠣᠨᠣᠯ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ | | ᠲᠤᠰ ᠲᠥᠷᠥᠯ ᠵᠦᠢᠯ ᠤᠨ ᠵᠢᠱᠢᠶ᠎ᠡ ᠦᠵᠡᠭᠦᠯᠬᠦ ᠬᠡᠪᠴᠢᠶ᠎ᠡ ᠨᠢ 60 ᠮᠦ ᠪᠠᠶᠢᠵᠤ᠂ ᠮᠦ ᠪᠦᠷᠢ ᠳᠤ ᠢᠯᠵᠢᠮᠡᠭ | ᠤᠷᠭᠤᠮᠠᠯ ᠤᠨ ᠬᠦᠴᠢᠯ ᠤᠨ ᠬᠥᠷᠥᠰᠥ ᠰᠢᠷᠣᠢ ᠶᠢ ᠰᠠᠶᠢᠵᠢᠷᠠᠭᠤᠯᠬᠤ ᠡᠮ 150᠂ 200᠂ 250 ᠺᠢᠯᠣᠭ᠍ᠷᠠᠮ | ᠬᠡᠷᠡᠭᠯᠡᠵᠦ᠂ ᠰᠠᠶᠢᠵᠢᠷᠠᠭᠤᠯᠤᠭᠰᠠᠨ ᠤ ᠳᠠᠷᠠᠭ᠎ᠠ ᠤᠰᠤᠨ ᠲᠤᠲᠤᠷᠭ᠎ᠠ ᠶᠢᠨ ᠤᠨᠠᠯᠳᠠ ᠨᠢ 302.68 ᠺᠢᠯᠣᠭ᠍ᠷᠠᠮ | ᠪᠠᠶᠢᠭᠰᠠᠨ ᠠᠴᠠ ᠲᠤᠰ ᠲᠤᠰ 659.85᠂ 650.75᠂ 631.69 ᠺᠢᠯᠣᠭ᠍ᠷᠠᠮ ᠬᠦᠷᠴᠦ᠂ ᠤᠨᠠᠯᠲᠠ ᠶᠢᠨ | ᠨᠤᠷᠮ᠎ᠠ ᠨᠢ ᠲᠤᠰ ᠲᠤᠰ 118.00%᠂ 115.00%᠂ 108.70% ᠬᠦᠷᠴᠦ᠂ ᠡᠩ ᠤᠨ ᠪᠣᠷᠳᠣᠭᠤᠷ | ᠣᠷᠣᠭᠤᠯᠬᠤ ᠲᠠᠢ ᠬᠠᠷᠢᠴᠠᠭᠤᠯᠪᠠᠯ᠂ ᠲᠤᠰ ᠲᠤᠰ 17.54%᠂ 15.92%᠂ 12.52% ᠨᠡᠮᠡᠭᠳᠡᠪᠠ︔ | ᠰᠠᠶᠢᠵᠢᠷᠠᠭᠤᠯᠤᠭᠰᠠᠨ ᠤ ᠳᠠᠷᠠᠭ᠎ᠠ ᠬᠥᠷᠥᠰᠥᠨ ᠤ ᠮᠥᠬᠦᠯᠢᠭ ᠤᠨ ᠪᠦᠲᠦᠴᠡ᠂ ᠣᠷᠭᠠᠨᠢᠭ ᠪᠣᠳᠠᠰ ᠤᠨ | ᠠᠭᠤᠯᠤᠭᠳᠠᠴᠠ ᠵᠡᠷᠭᠡ ᠶᠢ ᠢᠯᠡᠳᠲᠡ ᠳᠡᠭᠡᠭᠰᠢᠯᠡᠭᠦᠯᠵᠦ᠂ ᠬᠥᠷᠥᠰᠥ ᠰᠢᠷᠣᠢ ᠶᠢᠨ ᠬᠦᠴᠢᠯ ᠱᠦᠯᠲᠦ ᠶᠢᠨ | ᠬᠡᠮᠵᠢᠶ᠎ᠡ ᠶᠢ ᠲᠣᠬᠢᠷᠠᠭᠤᠯᠬᠤ ᠦᠢᠯᠡᠳᠦᠯ ᠦᠵᠡᠬᠦᠯᠵᠦ᠂ ᠬᠤᠵᠢᠷᠯᠢᠭ ᠭᠠᠵᠠᠷ ᠢ ᠲᠤᠬᠠᠢ ᠶᠢᠨ ᠵᠢᠯ ᠳᠤ ᠨᠢ | ᠰᠠᠶᠢᠵᠢᠷᠠᠭᠤᠯᠵᠤ᠂ ᠲᠤᠬᠠᠢ ᠶᠢᠨ ᠵᠢᠯ ᠳᠤ ᠨᠢ ᠲᠠᠷᠢᠵᠤ᠂ ᠲᠤᠬᠠᠶ ᠶᠢᠨ ᠵᠢᠯ ᠳᠤ ᠨᠢ ᠠᠰᠢᠭ ᠣᠷᠣᠯᠭ᠎ᠠ ᠣᠯᠬᠤ ᠶᠢ | ᠪᠡᠶᠡᠯᠡᠬᠦᠯᠦᠭᠰᠡᠨ ᠪᠠᠶᠢᠨ᠎ᠠ᠃ | | ᠲᠥᠷᠥᠯ ᠵᠦᠢᠯ ᠢ ᠬᠡᠷᠡᠭᠵᠢᠭᠦᠯᠦᠭᠰᠡᠨ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠡᠯᠡᠰᠦᠷᠬᠡᠭᠵᠢᠭᠰᠡᠨ ᠬᠤᠵᠢᠷᠯᠢᠭ ᠭᠠᠵᠠᠷ ᠢ ᠰᠠᠶᠢᠵᠢᠷᠠᠭᠤᠯᠬᠤ ᠳᠤ ᠲᠤᠷᠰᠢᠯᠭ᠎ᠠ ᠬᠠᠩᠭᠠᠬᠤ ᠪᠠᠷ ᠪᠠᠷᠠᠬᠤ ᠦᠭᠡᠢ᠂ | ᠪᠠᠰᠠ ᠳᠤᠮᠳᠠ ᠳᠣᠤᠷ᠎ᠠ ᠤᠨᠠᠯᠲᠠ ᠲᠠᠢ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ | ᠲᠣᠯᠢᠯᠠᠬᠤ ᠦᠨ᠎ᠡ ᠥᠷᠲᠡᠭ ᠲᠠᠢ ᠶᠤᠮ᠃ ᠪᠠᠰᠠᠴᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠬᠠᠷ᠎ᠠ | ᠬᠥᠷᠥᠰᠥ ᠶᠢ ᠬᠠᠮᠠᠭᠠᠯᠠᠬᠤ᠂ ᠲᠠᠷᠢᠮᠠᠯ ᠤᠨ ᠡᠰᠢ ᠰᠦᠷᠡᠯ ᠢ ᠪᠣᠬᠢᠷᠲᠤᠯ ᠦᠭᠡᠢ ᠪᠠᠷ ᠲᠠᠷᠢᠶᠠᠨ ᠳᠤ ᠣᠷᠣᠭᠤᠯᠬᠤ | ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |