ᠪᠠᠷᠢᠯᠭ᠎ᠠ ᠶᠢ 2024 ᠣᠨ ᠤ 7 ᠰᠠᠷ᠎ᠠ ᠶᠢᠨ 26 ᠤ ᠡᠳᠦᠷ ᠡᠬᠢᠯᠡᠬᠦᠯᠵᠥ᠂ ᠨᠡᠶᠢᠲᠡ 1000 ᠲᠦᠮᠡᠨ | ᠲᠥᠭᠦᠷᠢᠭ ᠤᠨ ᠪᠠᠯᠠ ᠣᠷᠣᠭᠤᠯᠵᠤ᠂ 20 ᠲᠡᠭᠰᠢ ᠳᠥᠷᠪᠡᠯᠵᠢᠨ ᠺᠢᠯᠣᠮᠧᠳ᠋ᠷ ᠬᠥᠷᠥᠰᠥ ᠰᠢᠷᠣᠶ ᠶᠢᠨ ᠢᠳᠡᠭᠳᠡᠯ ᠢ | ᠵᠠᠰᠠᠪᠠ᠃ ᠣᠲᠣ ᠪᠣᠯᠲᠠᠯ᠎ᠠ᠂ ᠲᠡᠷᠭᠡᠨ ᠵᠣᠭᠰᠣᠭᠠᠯ ᠢ 1266 ᠲᠡᠭᠰᠢ ᠳᠥᠷᠪᠡᠯᠵᠢᠨ ᠮᠧᠳ᠋ᠷ ᠳᠡᠪᠢᠰᠴᠦ᠂ ᠪᠧᠲ᠋ᠤᠨ | ᠵᠠᠮ ᠢ 3500 ᠮᠧᠳ᠋ᠷ ᠴᠢᠳᠬᠤᠨ ᠪᠠᠶᠢᠭᠤᠯᠵᠤ᠂ 2.4 ᠲᠡᠭᠰᠢ ᠳᠥᠷᠪᠡᠯᠵᠢᠨ ᠺᠢᠯᠣᠮᠧᠳ᠋ᠷ ᠡᠪᠡᠰᠦ ᠶᠢᠨ ᠦᠷ᠎ᠡ | ᠳᠠᠷᠢᠵᠤ᠂ 15000 ᠬᠡᠰᠡᠭ ᠵᠢᠭᠠᠷᠲᠤ ᠨᠠᠷᠠᠰᠤ ᠳᠠᠷᠢᠬᠤ ᠶᠢ ᠪᠡᠶᠡᠯᠡᠭᠦᠯᠵᠦ᠂ ᠵᠢᠱᠢᠯᠲᠡ ᠪᠠᠷ 2024 ᠣᠨ ᠤ 11 | ᠰᠠᠷ᠎ᠠ ᠶᠢᠨ 30 ᠤ ᠡᠳᠦᠷ ᠠᠴᠠ ᠡᠮᠦᠨ᠎ᠡ ᠪᠥᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠲᠥᠷᠥᠯ ᠵᠦᠢᠯ ᠤᠨ ᠵᠠᠰᠠᠯᠲᠠ ᠶᠢᠨ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠪᠦᠷᠬᠦᠴᠡ ᠶᠢᠨ ᠨᠣᠷᠮ᠎ᠠ 22.82% ᠠᠴᠠ ᠳᠡᠭᠡᠭᠰᠢᠯᠡᠭᠡᠳ 68.76% ᠳᠤ ᠬᠦᠷᠴᠦ᠂ ᠬᠥᠷᠥᠰᠥ | ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 36.84% ᠪᠠᠶᠢᠭᠰᠠᠨ ᠠᠴᠠ ᠪᠠᠨ ᠳᠡᠭᠡᠭᠰᠢᠯᠡᠭᠡᠳ 73.99% ᠳᠤ | ᠬᠦᠷᠴᠦ᠂ ᠵᠢᠯ ᠳᠤ 16.73 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠲᠠᠲᠠᠵᠤ᠂ ᠵᠢᠯ ᠳᠤ 5.52 ᠲᠦᠮᠡᠨ | ᠲᠣᠨ ᠬᠥᠷᠥᠰᠥ ᠰᠢᠷᠣᠶ ᠶᠢ ᠬᠠᠮᠠᠭᠠᠯᠠᠵᠤ᠂ ᠲᠤᠬᠠᠢ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠪᠠ | ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠬᠤ ᠪᠤᠯᠤᠨ᠎ᠠ ᠃ | |