ᠮᠠᠨ ᠤ ᠬᠤᠰᠢᠭᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ ᠪᠠᠶᠢᠭ᠎ᠠ
ᠨᠡᠶᠢᠲᠡᠯᠡᠭᠰᠡᠨ ᠴᠠᠭ᠄
2024/10/25
   ᠦᠢᠯᠡᠴᠢᠯᠡᠭᠡ ᠪᠠᠷ ᠠᠷᠠᠳ ᠲᠤ ᠳᠥᠬᠦᠮ ᠦᠵᠡᠭᠦᠯᠪᠡ᠃ ︽ᠤᠯᠠᠭᠠᠨ᠂ ᠤᠯᠠᠪᠤᠷ᠂ ᠨᠤᠭᠤᠭᠠᠨ᠂ ᠬᠥᠬᠡ᠂ ᠬᠦᠷᠡᠩ ︾ ᠲᠠᠪᠤᠨ ᠥᠩᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ 50 ᠰᠢᠬᠠᠮ ᠰᠠᠶᠢᠨ ᠳᠤᠷ᠎ᠠ ᠶᠢᠨ ᠠᠵᠢᠯᠯᠠᠭᠴᠢ ᠡᠯᠰᠡᠵᠦ᠂ ᠬᠠᠷᠢᠶᠠᠲᠤ ᠣᠷᠣᠨ ᠤ ᠬᠡᠷ ᠲᠡᠭᠡᠨ ᠬᠤᠴᠣᠷᠤᠭᠰᠠᠨ ᠨᠠᠰᠤᠲᠠᠨ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠬᠦᠴᠢᠷᠳᠡᠯᠲᠡᠶ ᠬᠡᠷ ᠪᠦᠯᠢ ᠵᠡᠷᠭᠡ ᠬᠠᠮᠲᠤᠯᠢᠭ ᠲᠤ ᠴᠢᠭᠯᠡᠭᠦᠯᠦᠨ᠂ ᠲᠣᠰ ᠲᠣᠰ ︽ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡ᠂ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠰᠠᠶᠢᠨ ᠳᠤᠷ᠎ᠠ ᠶᠢᠨ ᠦᠢᠯᠡᠴᠢᠯᠡᠭᠡ︾ ᠥᠷᠨᠢᠭᠦᠯᠵᠦ᠂ ᠣᠲᠣ ᠪᠣᠯᠲᠠᠯ᠎ᠠ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 120 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ 2000 ᠭᠠᠷᠤᠶ ᠰᠠᠭᠤᠭᠠᠯᠢ ᠠᠷᠠᠳ ᠲᠤ ᠠᠰᠢᠭ ᠬᠦᠷᠲᠡᠭᠡᠪᠡ᠃    ᠰᠣᠶᠣᠯ ᠢᠶᠠᠷ ᠠᠷᠠᠳ ᠲᠤ ᠠᠰᠢᠭ ᠬᠦᠷᠭᠡᠪᠡ᠃ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ᠂ ᠦᠨᠳᠦᠰᠦᠲᠡᠨ ᠨᠦᠭᠦᠳ ᠬᠠᠮᠲᠤ ᠪᠠᠷ ᠣᠷᠣᠯᠴᠠᠭᠰᠠᠨ ︽ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ︾᠂ ︽ᠮᠠᠨ ᠤ ᠪᠠᠶᠠᠷ ᠤᠨ ᠡᠳᠦᠷ︾᠂ ︽ᠳᠤᠮᠳᠠᠳᠤ ᠶᠢᠨ ᠰᠢᠯᠦᠭ ᠳᠠᠭᠤᠯᠠᠯ ᠤᠨ ᠶᠡᠭᠡ ᠬᠤᠷᠠᠯ︾᠂ ︽ᠱᠤᠩᠬᠤᠷ ᠤᠨ ᠴᠤᠭᠯᠠᠭᠠᠨ︾᠂ ︽ᠰᠢ ᠵᠦᠴᠦᠭᠡ ᠶᠢ ᠬᠥᠳᠡᠭᠡ ᠲᠣᠰᠬᠤᠨ ᠳᠤ ᠭᠦᠨᠵᠡᠭᠡᠶᠢᠷᠡᠭᠦᠯᠬᠦ︾᠂ ︽ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ︾ ᠰᠢᠷᠢᠰ ᠠᠵᠢᠯᠯᠠᠭ᠎ᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ 200 ᠭᠠᠷᠤᠶ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠭᠰᠠᠨ ᠭᠤᠣᠯ ᠰᠡᠳᠦᠪᠲᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠤᠯᠠᠭᠠᠨᠮᠥ᠋ᠴᠢᠷ ᠤᠨ ᠲᠣᠭᠯᠠᠯᠲᠠ 66 ᠤᠳᠠᠭ᠎ᠠ ᠭᠠᠷᠭᠠᠵᠤ᠂ 3.5 ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ᠃    ᠲᠥᠷᠥ ᠶᠢᠨ ᠪᠣᠳᠣᠯᠭ᠎ᠠ ᠪᠠᠷ ᠠᠷᠠᠳ ᠢ ᠢᠪᠡᠭᠡᠪᠡ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ 1175 ᠲᠦᠮᠡᠨ ᠲᠥᠭᠦᠷᠢᠭ ᠣᠷᠣᠭᠤᠯᠵᠤ᠂ ᠭᠠᠴᠠᠭ᠎ᠠ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ᠂ ᠹᠯᠣᠷ ᠪᠠᠭᠠᠲᠠᠶ ᠴᠠᠶ ᠪᠣᠷᠣᠯᠠᠭᠤᠯᠬᠤ ᠵᠡᠷᠭᠡ ᠶᠢ ᠳᠡᠯᠭᠡᠷᠡᠭᠦᠯᠬᠦ ᠳᠤ ᠬᠡᠷᠡᠭᠯᠡᠵᠦ᠂ ᠣᠳᠣᠬᠠᠨ ᠳᠤ ᠬᠡᠰᠡᠭ ᠭᠠᠴᠠᠭ᠎ᠠ ᠲᠣᠰᠬᠤᠨ ᠤ ᠰᠠᠭᠤᠷᠢ ᠲᠥᠬᠦᠭᠡᠷᠦᠮᠵᠢ ᠶᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠪᠠᠷ 200 ᠭᠠᠷᠤᠶ ᠪᠠᠭᠰᠢ ᠰᠤᠷᠤᠭᠴᠢᠳ ᠲᠤ ᠠᠰᠢᠭ ᠬᠦᠷᠲᠡᠭᠡᠵᠦ᠂ ᠦᠨ᠎ᠡ ᠲᠥᠯᠥᠪᠦᠷᠢ ᠥᠬᠡᠶ ᠹᠯᠣᠷ ᠪᠠᠭᠠᠲᠠᠶ ᠴᠠᠢ ᠨᠢ ᠠᠮᠢᠳᠤᠷᠠᠯ ᠨᠢ ᠬᠦᠴᠢᠷᠳᠡᠯ ᠲᠠᠢ 872 ᠡᠷᠦᠬᠡ ᠳᠤ ᠠᠰᠢᠭ ᠬᠦᠷᠲᠡᠭᠡᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号