ᠮᠠᠨ ᠤ ᠬᠤᠰᠢᠭᠤ ︽ᠲᠦᠷᠪᠡ ᠶᠢ ᠲᠠᠶᠠᠭᠳᠠᠬᠤ ᠦᠬᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠥ᠂ ᠬᠡᠪᠴᠢᠶᠡᠵᠢᠯ ᠤᠨ ᠴᠢᠨᠠᠷᠳᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ | ᠡᠷᠡᠰ ᠰᠠᠬᠢᠵᠥ ᠪᠠᠶᠢᠨ᠎ᠠ᠂ ᠪᠦᠬᠦ ᠬᠤᠰᠢᠭᠤᠨ ᠤ ᠤᠳᠤ ᠪᠠᠶᠢᠭ᠎ᠠ ᠬᠢᠨᠠᠨ ᠬᠡᠮᠵᠢᠭᠳᠡᠬᠦ ᠡᠳᠡᠭᠡᠳ 1557 ᠡᠷᠦᠬᠡ | 4096 ᠬᠦᠮᠦᠨ ᠪᠠᠶᠢᠵᠥ᠂ ᠨᠢᠬᠡᠨᠳᠡ ᠲᠦᠭᠰᠢᠬᠦᠷᠢ ᠶᠢᠨ ᠬᠢᠨᠠᠨ ᠬᠡᠮᠵᠢᠯᠳᠡ ᠶᠢ ᠬᠦᠴᠦᠨ ᠦᠭᠡᠢ ᠪᠤᠯᠭᠠᠭᠰᠠᠨ ᠨᠢ | 641 ᠡᠷᠦᠬᠡ 1637 ᠬᠦᠮᠦᠨ ᠪᠠᠶᠢᠨ᠎ᠠ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠪᠠᠷᠢᠮᠲᠠᠯᠠᠵᠤ᠂ 2024 ᠣᠨ ᠳᠤ ᠤᠷᠤᠭᠤᠯᠤᠭᠰᠠᠨ ᠡᠯ᠎ᠡ ᠱᠠᠲᠤᠨ ᠤ ᠵᠣᠯᠭᠠᠭᠤᠯᠬᠤ ᠪᠠᠯᠠ | ᠮᠥᠩᠭᠦ 16782 ᠲᠦᠮᠡᠨ ᠲᠥᠭᠦᠷᠢᠭ ᠬᠦᠷᠴᠦ᠂ 58 ᠲᠥᠷᠥᠯ ᠵᠦᠢᠯ ᠢ ᠳᠠᠩᠰᠠᠯᠠᠭᠤᠯᠵᠤ᠂ ᠠᠵᠢᠯ | ᠡᠬᠢᠯᠡᠭᠦᠯᠦᠭᠰᠡᠨ ᠨᠣᠷᠮ᠎ᠠ 100% ᠬᠥᠷᠪᠡ᠃ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠵᠦ᠂ ᠵᠢᠱᠢᠯᠲᠡ ᠪᠠᠷ 2024 ᠣᠨ ᠳᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 2.11 ᠲᠦᠮᠡᠨ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠬᠠᠷᠢᠴᠠᠯ 1.80 % ᠬᠦᠷᠴᠦ᠂ ᠳᠡᠭᠡᠷ᠎ᠡ ᠵᠢᠯ ᠤᠨ ᠬᠢ ᠠᠴᠠ 0.03 ᠪᠠᠭᠠᠰᠴᠤ᠂ 7 ᠵᠢᠯ | ᠳᠠᠷᠠᠭᠠᠯᠠᠨ ᠪᠠᠭᠠᠰᠬᠤ ᠬᠠᠨᠳᠤᠰᠢ ᠲᠠᠢ ᠪᠠᠶᠢᠨ᠎ᠠ᠃ | |