ᠲᠡᠦᠭᠡ ᠶᠢᠨ ᠤᠷᠳᠤ ᠠᠶᠠᠨ ᠳᠤ ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ᠂ ᠪᠦᠬᠦ ᠤᠯᠤᠰ ᠤᠨ ᠡᠯ᠎ᠡ | ᠭᠠᠵᠠᠷ ᠤᠷᠤᠨ ᠲᠠᠢ ᠴᠤᠬᠭᠠᠷ ᠬᠤᠪᠢᠰᠬᠠᠯ ᠪᠤᠯᠤᠨ ᠡᠩᠬᠡ ᠲᠠᠶᠢᠪᠤᠩ ᠤᠨ ᠦᠷ ᠤᠨ ᠲᠤᠶᠠᠭ᠎ᠠ ᠶᠢ ᠬᠡᠷᠡᠴᠢᠯᠡᠪᠡ᠃ | ᠥᠨᠥᠳᠥᠷ᠂ ᠨᠠᠶᠢᠷᠠᠭᠤᠯᠤᠭᠴᠢ ᠲᠠᠨ ᠢ ᠳᠠᠭᠠᠭᠤᠯᠤᠨ ᠴᠠᠭ ᠮᠥᠴᠡ ᠶᠢ ᠭᠡᠲᠦᠯᠵᠦ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠲᠡᠤᠬᠡᠨ ᠳᠡᠭᠡᠷᠡᠬᠢ ᠬᠡᠰᠡᠭ ᠴᠢᠬᠤᠯᠠ ᠶᠡᠭᠡ ᠬᠡᠷᠡᠭ ᠶᠠᠪᠤᠳᠠᠯ ᠢ ᠡᠷᠬᠢᠴᠡᠬᠦᠯᠦᠶᠡ︕ | | 1650 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠭᠡᠵᠥ ᠭᠠᠷᠭᠠᠪᠠ᠃ | 1932 ᠣᠨ ᠳᠤ ᠪᠦᠸᠧ ᠸᠠᠩ ᠤᠨ ᠣᠷᠳᠣᠨ ︵ᠥᠨᠥ ᠶᠢᠨ ᠵᠢᠷᠭᠠᠯᠠᠩ ᠪᠠᠯᠭᠠᠰᠤ︶ ᠳᠤ ᠵᠡᠭᠦᠨ ᠭᠠᠷᠤᠨ | ᠬᠤᠶᠢᠲᠤ ᠬᠤᠰᠢᠭᠤᠨ ᠤ ᠵᠠᠬᠢᠷᠭ᠎ᠠ ᠶᠢ ᠪᠠᠶᠢᠭᠤᠯᠪᠠ᠃ ᠡᠨᠡ ᠬᠦ ᠬᠤᠭᠤᠴᠠᠭᠠᠨ ᠳᠤ᠂ ᠶᠠᠫᠤᠨᠴᠤᠳ ᠤᠨ ᠳᠠᠷᠤᠯᠠᠯ | ᠳᠣᠣᠷ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠵᠡᠬᠦᠨ ᠬᠤᠷᠴᠢᠨ ᠬᠤᠶᠢᠲᠤ ᠬᠤᠰᠢᠭᠤ ᠭᠡᠵᠦ | ᠥᠭᠡᠷᠡᠴᠢᠯᠡᠭᠰᠡᠨ ᠪᠠᠶᠢᠨ᠎ᠠ᠃ ᠡᠨᠡ ᠦᠶ᠎ᠡ ᠳᠤ ᠵᠡᠭᠦᠨ ᠬᠤᠷᠴᠢᠨ ᠬᠤᠶᠢᠲᠤ ᠬᠤᠰᠢᠭᠤᠨ ᠤ ᠡᠮᠦᠨ᠎ᠡ ᠬᠡᠰᠡᠭ ᠲᠤ ︽ | ᠤᠯᠠᠭᠠᠨ ᠫᠤᠤᠳᠠᠨ ᠤ ᠡᠪᠯᠡᠯ︾ ᠬᠡᠬᠦ ᠶᠠᠫᠣᠨ ᠢ ᠡᠰᠡᠷᠭᠦᠴᠡᠬᠦ ᠵᠣᠬᠢᠶᠠᠨ ᠪᠠᠶᠢᠭᠤᠯᠤᠯᠲᠠ ᠢᠯᠡᠷᠡᠭᠰᠡᠨ ᠪᠠᠶᠢᠨ᠎ᠠ᠃ | ᠭᠡᠷᠡᠯ ᠵᠢᠷᠤᠭ | 1946 ᠤᠨ ᠤ 9 ᠰᠠᠷ᠎ᠠ ᠶᠢᠨ 2 ᠤ ᠡᠳᠤᠷ᠂ ᠤᠮᠠᠷᠠᠰᠢ ᠤᠬᠤᠷᠢᠬᠤ ᠵᠠᠮ ᠳᠤ ᠪᠠᠨ ᠳᠡᠳ᠋ ᠬᠤᠰᠢᠭᠤᠨ | ᠳᠠᠷᠤᠭ᠎ᠠ ᠵᠠᠩ ᠵᠢᠶᠧ ︵ᠳᠤᠮᠳᠠᠲᠦ ᠤᠯᠤᠰ ᠤᠨ ᠡᠪ ᠬᠠᠮᠲᠦ ᠨᠠᠮ ᠤᠨ ᠭᠡᠰᠢᠭᠦᠨ︶ ᠬᠤᠤᠷᠯᠠᠬᠳᠠᠪᠠ᠃ | 1949 ᠣᠨ ᠤ 5 ᠰᠠᠷ᠎ᠠ ᠶᠢᠨ 10 ᠤ ᠡᠳᠤᠷ᠂ ᠵᠡᠭᠦᠨ ᠬᠤᠶᠢᠲᠤ ᠶᠢᠨ ᠠᠷᠠᠳ ᠤᠨ ᠵᠠᠰᠠᠭ ᠤᠨ ᠣᠷᠳᠣᠨ ᠂ | ᠯᠢᠶᠤᠤᠪᠸᠢ ᠮᠤᠵᠢ ᠶᠢ ᠬᠠᠰᠤᠵᠤ᠂ ᠯᠢᠶᠣᠣᠰᠢ ᠮᠤᠵᠢ ᠶᠢ ᠪᠠᠶᠢᠭᠤᠯᠪᠠ᠃ ᠵᠢᠷᠢᠮ ᠠᠶᠢᠮᠠᠭ ᠵᠢᠴᠢ ᠲᠡᠭᠦᠨ ᠤ ᠬᠠᠷᠢᠶ᠎ᠠ | ᠡᠯ᠎ᠡ ᠬᠤᠰᠢᠭᠤ ᠰᠢᠶᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠯᠵᠢᠭᠦᠯᠦᠨ | ᠲᠤᠰᠢᠶᠠᠵᠤ ᠬᠠᠮᠢᠶᠠᠷᠤᠭᠤᠯᠪᠠ᠃ | 1963 ᠣᠨ ᠤ 2 ᠰᠠᠷ᠎ᠠ ᠶᠢᠨ 15 ᠤ ᠡᠳᠦᠷ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠂ | 1946 ᠣᠨ ᠳᠤ ᠡᠪ ᠬᠠᠮᠲᠤ ᠨᠠᠮ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠠᠩ ᠵᠢᠶᠧ ᠶᠢ ᠬᠤᠣᠷᠯᠠᠭᠰᠠᠨ | ᠬᠤᠪᠢᠰᠬᠠᠯ ᠤᠨ ᠡᠰᠡᠷᠭᠦᠦ ᠤᠷᠪᠠᠯᠭᠠᠨ ᠤ ᠲᠦᠷᠦᠭᠦᠦ ᠶᠠᠯᠠᠲᠠᠨ ᠪᠦᠷᠢᠨᠳᠠᠯᠠᠢ ᠶᠢ ᠬᠠᠤᠯᠢ ᠶᠣᠰᠤᠭᠠᠷ ᠠᠯᠠᠬᠤ ᠶᠠᠯ᠎ᠠ | ᠪᠠᠷ ᠰᠢᠳᠭᠡᠪᠡ ᠃ | 1969 ᠣᠨ ᠤ 7 ᠰᠠᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠵᠥᠪᠰᠢᠶᠡᠷᠡᠯ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠵᠢᠷᠢᠮ ᠠᠶᠢᠮᠠᠭ ᠲᠠᠢ ᠬᠠᠮᠲᠤ ᠭᠢᠷᠢᠨ | ᠮᠤᠵᠢ ᠳᠤ ᠬᠠᠷᠢᠶᠠᠯᠠᠭᠤᠯᠪᠠ᠃ | 1979 ᠣᠨ ᠤ 7 ᠰᠠᠷ᠎ᠠ ᠳᠤ᠂ ᠲᠥᠪ ᠬᠤᠷᠢᠶᠠᠨ ᠤ ᠲᠣᠭᠲᠠᠭᠠᠯ ᠢ ᠦᠨᠳᠦᠰᠦᠯᠡᠵᠦ᠂ ᠲᠤᠰ ᠬᠤᠰᠢᠭᠤ ᠶᠢ | ᠵᠢᠷᠢᠮ ᠠᠶᠢᠮᠠᠭ ᠲᠠᠢ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠪᠠ᠃ | | |