10 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠪᠦᠯᠬᠦᠮ ᠳᠠᠭᠠᠭᠤᠯᠤᠨ ᠱᠠᠨ ᠰᠢ ᠮᠤᠵᠢ ᠶᠢᠨ ᠱᠦᠸᠧ ᠵᠧᠦ ᠬᠤᠲᠠ ᠳᠤ ᠬᠦᠷᠴᠦ | ᠬᠤᠳᠠᠯᠳᠤᠭᠠᠴᠢᠨ ᠤᠷᠢᠵᠤ ᠪᠡᠯᠡ ᠲᠠᠳᠠᠬᠤ ᠠᠵᠢᠯ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠤ ᠵᠢᠴᠢ ᠬᠤᠰᠢᠭᠤᠨ ᠤ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠣᠷᠣᠯᠴᠠᠵᠠᠶ᠃ | | | ᠭᠦᠸᠧ ᠲᠢᠶᠠᠨ ᠪᠦᠦ ᠨᠠᠷ ᠶᠢᠩ ᠱᠧᠩ ︵ᠱᠠᠨ ᠰᠢ︶ ᠸᠠᠭᠠᠷ ᠱᠠᠭᠠᠵᠠᠩ ᠤᠨ ᠰᠢᠷᠬᠡᠭ ᠤᠨ ᠬᠢᠵᠠᠭᠠᠷᠲᠤ | ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠪᠣᠷᠣᠯᠠᠭᠤᠯᠭ᠎ᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠨ ᠲᠢᠶᠠᠨ | ᠳ᠋ᠧ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠳᠡᠭᠡᠷ᠎ᠡ᠂ ᠭᠦᠸᠧ ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠬᠢ | ᠪᠠᠶᠠᠯᠢᠭ ᠤᠨ ᠳᠠᠪᠠᠭᠤᠯᠢᠭ᠂ ᠦᠢᠯᠡᠳᠪᠦᠷᠢᠯᠡᠯ ᠤᠨ ᠡᠯᠧᠮᠧᠨ᠋ᠲ ᠤᠨ ᠳᠠᠪᠠᠭᠤᠯᠢᠭ ᠪᠣᠯᠤᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠸᠠᠭᠠᠷ ᠱᠠᠭᠠᠵᠠᠩ ᠰᠢᠷᠬᠡᠭ | ᠪᠣᠯᠪᠠᠰᠤᠷᠠᠭᠤᠯᠬᠤ ᠲᠦᠷᠦᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠢᠷᠡᠭᠡᠳᠦᠢ ᠶᠢᠨ | ᠬᠠᠮᠲᠤᠷᠠᠯᠴᠠᠭᠠᠨ ᠤ ᠴᠢᠭᠯᠡᠯ ᠢ ᠬᠠᠮᠲᠤᠪᠠᠷ ᠰᠤᠳᠤᠯᠤᠨ ᠶᠠᠷᠢᠯᠴᠠᠪᠠ᠃ ᠭᠦᠸᠧ ᠲᠢᠶᠠᠨ ᠪᠦᠦ ᠠᠵᠤ ᠠᠬᠤᠶᠢᠯᠠᠯ ᠤᠨ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠵᠤ ᠰᠣᠯᠢᠯᠴᠠᠬᠤ ᠶᠢ ᠴᠢᠩ | ᠰᠡᠳᠬᠢᠯ ᠠᠴᠠ ᠪᠠᠨ ᠤᠷᠢᠪᠠ᠂ ᠲᠡᠷᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ | ᠣᠷᠳᠣᠨ ᠠᠴᠠ ᠦᠢᠯᠡᠴᠢᠯᠡᠭᠡᠨ ᠤ ᠪᠠᠲᠤᠯᠠᠭ᠎ᠠ ᠶᠢ ᠰᠡᠳᠬᠢᠯ ᠲᠠᠯᠪᠢᠨ ᠰᠠᠶᠢᠲᠤᠷ ᠬᠢᠵᠦ᠂ ᠠᠵᠤ ᠠᠬᠤᠶᠢᠯᠠᠯ ᠤᠨ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠪᠠᠯᠠ ᠣᠷᠣᠭᠤᠯᠤᠨ ᠦᠢᠯᠡᠰ ᠬᠥᠭᠵᠢᠭᠦᠯᠬᠦ ᠶᠢ ᠪᠥᠬᠦ | ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠳᠬᠡᠪᠡ᠃ ᠴᠢᠨ ᠲᠢᠶᠠᠨ ᠳ᠋ᠧ ᠠᠴᠠ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ | ᠪᠣᠯᠤᠨ ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠮᠠᠰᠢ ᠰᠠᠶᠢᠨ ᠦᠵᠡᠵᠦ ᠪᠠᠶᠢᠨ᠎ᠠ᠂ ᠬᠠᠮᠲᠤᠷᠠᠯᠴᠠᠭᠠᠨ ᠤ | ᠲᠦᠷᠦᠯ ᠵᠦᠢᠯ ᠢ ᠬᠠᠮᠲᠤᠪᠠᠷ ᠲᠥᠯᠥᠪᠵᠢᠭᠦᠯᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | |