ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2024 ᠣᠨ ᠤ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢ ᠡᠬᠢᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/10/29
    ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠴᠠᠭ ᠲᠤᠬᠠᠶ ᠳᠤᠨᠢ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠡᠭᠡᠭᠡᠪᠦᠷᠢᠯᠡᠵᠦ᠂ ᠮᠠᠯᠴᠢᠨ ᠲᠠᠷᠢᠶᠠᠴᠢᠨ ᠨᠢᠭᠡᠪᠦᠷᠢ ᠳᠤ ᠦᠨᠡᠨ ᠬᠦ ᠬᠠᠶᠢᠷ᠎ᠠ ᠬᠠᠯᠠᠮᠵᠢ ᠬᠦᠷᠭᠡᠪᠡ᠃ ᠭᠠᠨᠵᠤᠭ᠎ᠠ ᠪᠠᠯᠭᠠᠰᠤᠨ ᠤ ᠰᠢᠨ ᠱᠧᠩ ᠳᠦᠨ ᠲᠣᠰᠬᠤᠨ ᠤ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠥᠪᠡᠷ ᠤᠨ ᠭᠡᠷ ᠤᠨ ᠲᠠᠷᠢᠶᠠᠯᠠᠩ ᠳᠤ ᠬᠡᠷᠡᠭᠯᠡᠬᠦ ᠲᠡᠷᠭᠡ ᠪᠠᠨ ᠵᠢᠯᠣᠭᠤᠳᠴᠤ ᠲᠡᠭᠡᠭᠡᠬᠦ ᠪᠠᠷ ᠢᠷᠡᠵᠦ᠂ ᠬᠤᠪᠢᠳᠠᠨ ᠤᠯᠤᠭᠰᠠᠨ ᠨᠡᠭᠦᠷᠡᠰᠦ ᠪᠠᠨ ᠭᠡᠷ ᠲᠡᠭᠡᠨ ᠵᠦᠭᠡᠭᠡᠪᠦᠷᠢᠯᠡᠨ ᠶᠠᠭᠠᠷᠠᠵᠠᠭᠠᠨ᠎ᠠ᠃
 科左后旗2024年“暖心煤”开始发放01.jpg  
    ︽ᠪᠢ ᠭᠤᠷᠪᠠᠨ ᠵᠢᠯ ᠲᠠᠷᠠᠭᠠᠯᠠᠨ ᠡᠨᠡ ᠬᠦ ᠬᠠᠯᠠᠭᠤᠨ ᠳᠤᠯᠠᠭᠠᠨ ᠨᠡᠭᠦᠷᠡᠰᠦ ᠶᠢ ᠵᠠᠬᠢᠶᠠᠯᠠᠵᠤ᠂ ᠡᠨᠡ ᠵᠢᠯ ᠪᠠᠰᠠ 2 ᠲᠣᠨ ᠵᠠᠬᠢᠶᠠᠯᠠᠪᠠ᠂ ᠵᠠᠬ᠎ᠠ ᠳᠡᠯᠭᠡᠭᠦᠷ ᠳᠡᠭᠡᠷ᠎ᠡ ᠬᠤᠳᠠᠯᠳᠤᠨ ᠠᠪᠬᠤ ᠲᠠᠢ ᠠᠳᠠᠯᠢᠳᠬᠠᠪᠠᠯ᠂ 1000 ᠭᠠᠷᠤᠢ ᠲᠥᠭᠦᠷᠢᠭ ᠠᠷᠪᠢᠯᠠᠵᠤ ᠴᠢᠳᠠᠨ᠎ᠠ᠃ ᠨᠡᠭᠦᠷᠡᠰᠦᠨ ᠤ ᠴᠢᠨᠠᠷ ᠴᠢᠨᠰᠠᠭ᠎ᠠ ᠶᠡᠭᠡ  ᠰᠠᠶᠢᠨ ᠭᠡᠵᠤ ᠰᠢᠨ ᠱᠧᠩ ᠲᠦᠨ ᠲᠣᠰᠬᠤᠨ ᠤ ᠠᠷᠠᠳ ᠰᠦᠨ ᠪᠤᠤ ᠴᠢᠤᠸᠠᠨ ᠬᠡᠯᠡᠪᠡ᠃
  科左后旗2024年“暖心煤”开始发放02.jpg  
    ︽ᠮᠠᠨ ᠤ ᠲᠣᠰᠬᠤᠨ ᠡᠨᠡ ᠵᠢᠯ ᠡᠨᠡ ᠬᠦ ᠳᠤᠯᠠᠭᠠᠯᠠᠭ᠎ᠠ ᠶᠢᠨ ᠨᠡᠭᠦᠷᠡᠰᠦ ᠶᠢ 147 ᠡᠷᠦᠬᠡ ᠵᠠᠬᠢᠶᠠᠯᠠᠵᠠᠢ᠂ ᠡᠨᠡ ᠬᠦ ᠪᠦᠬᠦ ᠨᠡᠬᠦᠷᠡᠰᠦ ᠨᠢ 295 ᠲᠣᠨ ᠪᠣᠯᠤᠨ᠎ᠠ᠃ ᠥᠨᠥᠳᠦᠷ᠂ ᠡᠨᠡ ᠬᠦ ᠨᠡᠭᠦᠷᠡᠰᠦᠨ ᠲᠠᠯᠠᠪᠠᠢ ᠶᠢ ᠵᠢᠭᠡᠯᠡᠨ ᠬᠡᠷᠡᠭᠯᠡᠵᠦ᠂ ᠨᠡᠭᠦᠷᠡᠰᠦ ᠵᠠᠬᠢᠶᠠᠯᠠᠭᠰᠠᠨ ᠡᠷᠦᠬᠡ ᠳᠤ ᠵᠠᠬᠢᠶᠠᠯᠠᠭᠰᠠᠨ ᠬᠡᠮᠵᠢᠶ᠎ᠡ ᠶᠤᠰᠤᠭᠠᠷ ᠨᠡᠬᠦᠷᠡᠰᠦ ᠲᠦᠭᠡᠭᠡᠵᠦ ᠥᠭᠪᠡ ᠭᠡᠵᠤ ᠰᠢᠨ ᠱᠧᠩ ᠲᠦᠨ ᠲᠣᠰᠬᠤᠨ ᠤ 2 ᠳ᠋ᠤᠭᠠᠷ ᠳᠤᠭᠤᠶᠢᠯᠠᠩ ᠤᠨ ᠳᠠᠷᠤᠭ᠎ᠠ ᠯᠢ ᠵᠧᠨ ᠬᠡᠯᠡᠪᠡ᠃     2024 ᠤᠨ ᠤ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠤᠷᠢᠳᠴᠢᠯᠡᠨ ᠲᠦᠯᠦᠪᠯᠡᠵᠤ᠂ ᠬᠠᠮᠢᠶ᠎ᠠ ᠪᠦᠬᠦᠢ ᠪᠠᠶᠢᠭᠤᠯᠭ᠎ᠠ ᠪᠠ ᠬᠠᠨᠭ᠍ᠭᠠᠯᠭ᠎ᠠ ᠶᠢ ᠪᠠᠳᠤᠯᠠᠬᠤ ᠠᠵᠤ ᠠᠬᠤᠶᠢᠯᠠᠯ ᠢᠳᠡᠪᠬᠢᠳᠡᠢ ᠬᠦᠳᠡᠯᠦᠯᠴᠡᠵᠤ᠂ ᠲᠤᠰᠬᠠᠢ ᠬᠦᠮᠦᠨ ᠲᠤᠮᠢᠯᠠᠨ ᠨᠡᠬᠦᠷᠡᠰᠦ ᠲᠤᠰᠢᠶᠠᠬᠤ᠂ ᠵᠦᠭᠡᠭᠡᠪᠦᠷᠢᠯᠡᠬᠦ᠂ ᠲᠠᠷᠬᠠᠭᠠᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠲᠤᠰᠢᠶᠠᠬᠤ ᠪᠠ ᠬᠦᠯᠢᠶᠡᠨ ᠠᠪᠬᠤ ᠨᠤᠳᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠨᠡᠬᠦᠷᠡᠰᠦ ᠶᠢ ᠶᠠᠰᠤ ᠴᠢᠨᠠᠷ ᠰᠠᠶᠢᠨ ᠲᠤᠭ᠎ᠠ ᠬᠡᠮᠵᠢᠶ᠎ᠡ ᠪᠦᠷᠢᠨ ᠢᠶᠠᠷ ᠮᠠᠯᠴᠢᠨ ᠲᠠᠷᠢᠶᠠᠴᠢᠨ ᠤ ᠭᠠᠷ ᠲᠤ ᠬᠦᠷᠭᠡᠬᠦ ᠶᠢ ᠪᠠᠳᠤᠯᠠᠪᠠ᠃
  科左后旗2024年“暖心煤”开始发放03.jpg 
     ︽ᠪᠢᠳᠡ ᠰᠡᠳᠬᠢᠯ ᠢ ᠳᠤᠯᠠᠭᠠᠴᠠᠭᠤᠯᠬᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠠ ᠲᠡᠭᠡᠭᠡᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠴᠠᠭ ᠲᠤᠬᠠᠢ ᠳᠤᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠯᠠᠨ ᠲᠦᠮᠡᠨ ᠢ ᠳᠤᠯᠠᠭᠠᠬᠠᠨ ᠡᠪᠦᠯᠵᠢᠭᠦᠯᠦᠨ᠎ᠡ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠱᠤᠩᠬᠤᠷ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠮᠥ ᠴᠢᠤᠸᠠᠨ ᠮᠢᠨ ᠬᠡᠯᠡᠵᠡᠶ᠃     ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠬᠡᠷᠡᠭᠰᠡᠬᠦ ᠡᠷᠦᠬᠡ ᠶᠢᠨ ᠲᠤᠭ᠎ᠠ ᠨᠡᠶᠢᠲᠡ 37173 ᠡᠷᠦᠬᠡ ᠪᠠᠶᠢᠵᠤ᠂ ᠬᠡᠷᠡᠭᠴᠡᠭᠡᠨ ᠤ ᠶᠡᠷᠦᠩᠬᠡᠢ ᠬᠡᠮᠵᠢᠶ᠎ᠡ ᠨᠢ 70891 ᠲᠣᠨ ᠪᠣᠯᠤᠨ᠎ᠠ᠃ ᠣᠳᠣᠬᠠᠨ ᠳᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠶ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠢ ᠵᠠᠯᠭᠠᠭ᠎ᠠ ᠪᠠᠷ ᠥᠷᠨᠢᠭᠦᠯᠵᠦ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠠᠷᠬᠠᠭᠠᠨ ᠳᠠᠭᠤᠰᠬᠠᠵᠤ᠂ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠳᠤᠯᠠᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号