ᠮᠠᠨ ᠤ ᠬᠤᠰᠢᠭᠤ᠂ ᠪᠥᠬᠦ ᠬᠤᠲᠠ ᠶᠢᠨ ᠬᠤᠰᠢᠭᠤ ᠰᠢᠶᠠᠨ ᠤ ᠡᠬᠡ ᠨᠢᠯᠬᠠᠰ ᠤᠨ ᠪᠠᠶᠢᠭᠤᠯᠤᠮᠵᠢ ᠳᠤ ᠬᠠᠮᠤᠭ ᠤᠨ | ᠲᠦᠷᠦᠭᠦᠨ ᠳᠤ ᠬᠡᠤᠬᠡᠳ ᠤᠨ ᠡᠷᠡᠭᠦᠯᠵᠢᠯ ᠤᠨ ᠲᠥᠪ ᠢ ᠪᠠᠶᠢᠭᠤᠯᠵᠤ᠂ ᠰᠢᠨᠵᠢᠯᠡᠬᠦ ᠤᠬᠠᠭᠠᠨᠴᠢ ᠬᠡᠤᠬᠡᠳ ᠤᠨ | ᠡᠷᠡᠭᠦᠯᠵᠢᠯ ᠤᠨ ᠡᠮᠴᠢᠯᠡᠭᠡ ᠪᠠ ᠪᠣᠯᠪᠠᠰᠤᠷᠠᠯ ᠤᠨ ᠵᠢᠭᠠᠨ ᠰᠤᠷᠭᠠᠯᠲᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ | ᠣᠨᠴᠠᠭᠠᠶ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ᠂ ᠨᠡᠶᠢᠭᠡᠮ ᠳᠤ ᠠᠭᠤᠰᠤᠯᠴᠠᠬᠤ ᠶᠢ ᠬᠠᠪᠰᠤᠷᠪᠠ᠃ | ᠬᠡᠤᠬᠡᠳ ᠤᠨ ᠡᠷᠡᠭᠦᠯᠵᠢᠯ ᠤᠨ ᠲᠥᠪ ᠲᠤ ᠣᠲᠣ ᠬᠡᠦᠬᠡᠳ ᠤᠨ ᠡᠮᠴᠢ᠂ ᠡᠷᠡᠭᠦᠯᠵᠢᠯ ᠤᠨ ᠡᠮᠨᠡᠨ ᠵᠠᠰᠠᠭᠴᠢ ᠵᠡᠷᠭᠡ | ᠲᠤᠰᠬᠠᠶ ᠮᠡᠷᠭᠡᠵᠢᠯ ᠤᠨ ᠠᠵᠢᠯᠲᠠᠨ 14 ᠪᠠᠶᠢᠵᠤ᠂ ᠰᠡᠳᠬᠢᠴᠡ ᠶᠢᠨ ᠦᠨᠡᠯᠡᠨ ᠵᠢᠱᠢᠬᠦ ᠲᠠᠰᠤᠭ᠂ ᠰᠡᠷᠡᠯ ᠤᠨ | ᠪᠣᠯᠪᠠᠰᠤᠷᠠᠯ ᠤᠨ ᠲᠠᠰᠤᠭ ᠵᠡᠷᠭᠡ 15 ᠬᠢᠴᠢᠶᠡᠯ ᠤᠨ ᠭᠡᠷ ᠢ ᠳᠣᠭᠢᠷᠠᠭᠤᠯᠵᠤ᠂ ᠴᠠᠬᠢᠯᠭᠠᠨ ᠵᠠᠰᠠᠯ ᠤᠨ ᠮᠠᠰᠢᠨ᠂ | ᠠᠷᠠᠰᠤᠨ ᠮᠡᠳᠡᠷᠡᠯ ᠤᠨ ᠴᠠᠬᠢᠯᠭᠠᠨ ᠰᠡᠳᠦᠯᠲᠡ ᠶᠢᠨ ᠬᠡᠮᠵᠢᠭᠦᠷᠯᠢᠭ ᠵᠡᠷᠭᠡ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ | ᠤᠷᠤᠭᠤᠯᠤᠨ ᠠᠪᠴᠢᠷᠠᠵᠥ᠂ ᠢᠯᠢᠵᠦ ᠨᠤᠬᠤᠯᠠᠬᠤ᠂ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠬᠢᠬᠦ ᠵᠡᠷᠭᠡ | ᠤᠯᠠᠮᠵᠢᠯᠠᠯᠲᠤ ᠬᠢᠲᠠᠳ ᠡᠮᠨᠡᠯᠭᠡ ᠶᠢᠨ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠣᠨᠴᠠᠭᠠᠶ ᠬᠡᠤᠬᠡᠳ ᠤᠨ ᠡᠷᠡᠭᠦᠯ | ᠮᠡᠨᠳᠦ ᠪᠠᠨ ᠰᠡᠷᠭᠦᠭᠡᠬᠦ᠂ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠬᠤ ᠴᠢᠳᠠᠪᠤᠷᠢ ᠶᠢ ᠦᠨᠡᠨᠬᠦ | ᠲᠦᠷᠭᠡᠳᠭᠡᠵᠥ ᠪᠠᠶᠢᠨ᠎ᠠ ᠃ | |