ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠡᠭᠡ ᠬᠡᠷᠡᠭ ᠤᠨ ᠲᠡᠮᠳᠡᠭᠯᠡᠯ ᠢ ᠴᠢ ᠬᠡᠳᠦᠢ ᠮᠡᠳᠡᠬᠦ ᠪᠤᠢ︖ ︵ᠬᠤᠶᠠᠷ︶
ᠨᠡᠶᠢᠲᠡᠯᠡᠭᠰᠡᠨ ᠴᠠᠭ᠄
2024/10/30
   ᠲᠡᠦᠭᠡ ᠶᠢᠨ ᠤᠷᠳᠤ ᠠᠶᠠᠨ ᠳᠤ ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ᠂ ᠪᠦᠬᠦ ᠤᠯᠤᠰ ᠤᠨ ᠡᠯ᠎ᠡ  ᠭᠠᠵᠠᠷ ᠤᠷᠤᠨ ᠲᠠᠢ  ᠴᠤᠬᠭᠠᠷ ᠬᠤᠪᠢᠰᠬᠠᠯ ᠪᠤᠯᠤᠨ ᠡᠩᠬᠡ ᠲᠠᠶᠢᠪᠤᠩ ᠤᠨ ᠦᠷ ᠤᠨ  ᠲᠤᠶᠠᠭ᠎ᠠ ᠶᠢ  ᠬᠡᠷᠡᠴᠢᠯᠡᠪᠡ᠃ ᠥᠨᠥᠳᠥᠷ᠂ ᠨᠠᠶᠢᠷᠠᠭᠤᠯᠤᠭᠴᠢ ᠲᠠᠨ ᠢ ᠳᠠᠭᠠᠭᠤᠯᠤᠨ ᠴᠠᠭ ᠮᠥᠴᠡ ᠶᠢ ᠭᠡᠲᠦᠯᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠡᠤᠬᠡᠨ ᠳᠡᠭᠡᠷᠡᠬᠢ ᠬᠡᠰᠡᠭ ᠴᠢᠬᠤᠯᠠ ᠶᠡᠭᠡ ᠬᠡᠷᠡᠭ ᠶᠠᠪᠤᠳᠠᠯ ᠢ ᠡᠷᠬᠢᠴᠡᠬᠦᠯᠦᠶ᠎ᠡ︕        1986 ᠣᠨ ᠤ 8 ᠰᠠᠷ᠎ᠠ ᠳᠤ᠂  ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠣᠨᠴᠠ ᠶᠡᠭᠡ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠵᠤ᠂ 104 ᠲᠦᠮᠡᠨ ᠮᠤ᠋ ᠲᠠᠷᠢᠶᠠᠨ ᠭᠠᠵᠠᠷ  ᠭᠠᠮᠰᠢᠬᠳᠠᠪᠠ  ᠃ ᠲᠤᠰ ᠰᠠᠷ᠎ᠠ ᠳᠤ᠂ ᠤᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦᠬᠡ᠂ ᠤᠤᠯ ᠤᠨ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠼᠦᠩ ᠮᠢᠩ᠂ ᠳᠡᠳ᠋ ᠲᠡᠷᠢᠭᠦᠯᠡᠭᠴᠢ ᠵᠣᠣ ᡁᠢ ᠬᠤᠩ ᠵᠡᠷᠭᠡ ᠤᠳᠤᠷᠢᠳᠤᠯᠭ᠎ᠠ ᠮᠠᠨ ᠤ ᠬᠤᠰᠢᠭᠤᠨ ᠳᠤ ᠢᠷᠡᠵᠦ ᠭᠠᠮᠰᠢᠭᠳᠠᠭᠰᠠᠨ ᠣᠷᠣᠨ ᠢ ᠪᠣᠯᠭᠤᠭᠠᠨ ᠲᠣᠬᠤᠨᠢᠭᠤᠯᠪᠠ᠃    1990 ᠤᠨ ᠳᠤ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠪᠤᠶᠢᠵᠢᠭᠤᠯᠤᠭᠰᠠᠨ ︽ᠬᠤᠷᠴᠢᠨ ᠦᠬᠡᠷ︾ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠯᠭᠠᠯᠳᠠ ᠶᠢ ᠦᠩᠭᠡᠷᠡᠭᠦᠯᠵᠦ᠂ ᠬᠤᠯᠠ ᠤᠶᠢᠷ᠎ᠠ ᠳᠤ ᠠᠯᠳᠠᠷᠳᠠᠢ ᠤᠷᠤᠨ ᠨᠤᠳᠤᠭ ᠤᠨ ᠰᠢᠯᠢᠳᠡᠭ ᠡᠭᠦᠯᠳᠡᠷ ᠤᠨ ᠦᠬᠡᠷ ᠪᠤᠯᠵᠠᠢ᠃
历史6.png    1996 ᠣᠨ ᠤ 5 ᠰᠠᠷ᠎ᠠ ᠶᠢᠨ 20 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ
ᠤᠯᠤᠰ ᠤᠨ ᠲᠠᠸᠠᠷ ᠤᠨ ᠠᠮᠤ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠯᠤᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠪᠡ᠃
历史7.png    2003 ᠣᠨ ᠤ 1 ᠰᠠᠷ᠎ᠠ ᠶᠢᠨ 2 ᠤ ᠡᠳᠦᠷ᠂ ᠤᠤᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ
ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ  ᠬᠤ᠋ ᠶᠢᠨ ᠲᠣᠣ᠂ ᠤᠤᠯ ᠤᠨ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ  ᠴᠦ᠋ ᠪᠦᠸᠧ᠂ ᠤᠤᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠱᠦᠵᠢ ᠵᠣᠤ ᠱᠣᠸᠠᠩ  ᠯᠢᠶᠠᠨ ᠤ ᠪᠠᠷ᠎ᠠ ᠪᠣᠯᠤᠯᠭ᠎ᠠ ᠲᠠᠢ ᠪᠠᠷ ᠬᠤᠷᠴᠢᠨ ᠦᠬᠡᠷ ᠤᠨ ᠦᠢᠯᠡᠰ ᠤᠨ ᠬᠢᠵᠠᠭᠠᠷᠲᠤ ᠺᠤᠮᠫᠠᠨᠢ ᠶᠢ ᠰᠢᠨᠵᠢᠯᠡᠨ ᠪᠠᠶᠢᠴᠠᠭᠠᠪᠠ᠃
历史8.png    2003 ᠣᠨ ᠤ 5 ᠰᠠᠷ᠎ᠠ ᠶᠢᠨ 16 ᠤ ᠡᠳᠦᠷ᠂ ᠲᠤᠭᠤᠯᠵᠢᠨ ᠠᠭᠤᠯᠠ ᠶᠢᠨ ᠡᠷᠲᠡᠨ ᠤ ᠤᠩᠭᠤᠨ ᠢ  ᠮᠠᠯᠳᠠᠨ
ᠳᠠᠭᠤᠰᠴᠤ᠂ ᠯᠢᠶᠤᠤ ᠤᠯᠤᠰ ᠤᠨ ᠡᠷᠲᠡ ᠦᠶ᠎ᠡ ᠶᠢᠨ ᠢᠵᠠᠭᠤᠷᠳᠠᠳ ᠤᠨ ᠤᠩᠭᠤᠨ ᠭᠡᠵᠦ ᠳᠤᠭᠳᠠᠭᠠᠵᠤ᠂ 200 ᠭᠠᠷᠤᠢ ᠵᠠᠬ᠎ᠠ ︵ᠳᠤᠭᠤᠶᠢᠯᠠᠩ︶ ᠬᠤᠶᠢᠯᠭ᠎ᠠ ᠶᠢᠨ ᠡᠳ᠋ ᠣᠯᠳᠠᠵᠠᠢ᠃    2003 ᠣᠨ ᠳᠤ ᠲᠤᠭᠤᠯᠵᠢᠨ ᠠᠭᠤᠯᠠ ᠶᠢᠨ ᠯᠢᠶᠣᠤ ᠤᠯᠤᠰ ᠤᠨ ᠪᠤᠯᠠᠰᠢ ᠨᠢ ᠪᠦᠬᠦ  ᠤᠯᠤᠰ ᠤᠨ 10 ᠶᠡᠭᠡ ᠢᠯᠡᠷᠡᠭᠦᠯᠦᠯᠲᠡ ᠶᠢᠨ ᠨᠢᠭᠡ ᠪᠣᠯᠪᠠ᠃
历史9.png   2005 ᠣᠨ ᠤ 10 ᠰᠠᠷ᠎ᠠ ᠶᠢᠨ 28 ᠤ ᠡᠳᠦᠷ᠂ ᠬᠤᠪᠢᠰᠬᠠᠯ ᠤᠨ ᠦᠷᠡᠭᠳᠡᠭᠰᠡᠨ ᠪᠠᠭᠠᠲᠤᠷ ᠵᠠᠩ ᠵᠢᠶᠧ 
 ᠶᠢᠨ ᠬᠦᠷᠡᠯ ᠱᠤᠭᠤᠮᠠᠯ ᠢ ᠪᠠᠶᠢᠭᠤᠯᠤᠭᠰᠠᠨ ᠬᠥᠰᠢᠭᠡ ᠰᠡᠬᠦᠬᠦ ᠶᠣᠰᠣᠯᠠᠯ ᠭᠠᠨᠵᠤᠭ᠎ᠠ ᠪᠠᠯᠭᠠᠰᠤᠨ ᠤ ᠱᠤᠩᠬᠤᠷ ᠴᠡᠴᠡᠷᠯᠢᠭ ᠲᠤ ᠶᠠᠪᠤᠭᠳᠠᠪᠠ᠃
历史10.png   2013 ᠣᠨ ᠤ 1 ᠰᠠᠷ᠎ᠠ ᠳᠤ᠂ ᠲᠦᠩᠯᠢᠶᠣᠤ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ
ᠡᠮᠨᠡᠯᠭᠡ ᠶᠢᠨ ᠬᠤᠷᠢᠶ᠎ᠠ᠂ ᠤᠯᠤᠰ ᠤᠨ ᠭᠤᠷᠪᠠᠳᠤᠭᠠᠷ ᠳᠡᠰ ᠤᠨ ᠬᠥᠬᠡ ᠲᠠᠰ ᠤᠨ ᠲᠤᠰᠬᠠᠶ ᠡᠮᠨᠡᠯᠭᠡ ᠶᠢᠨ ᠬᠤᠷᠢᠶ᠎ᠠ ᠪᠣᠯᠵᠤ  ᠳᠡᠰ ᠳᠡᠪᠰᠢᠵᠦ᠂ ᠥᠪᠡᠷᠲᠡᠭᠡᠨ ᠵᠠᠰᠠᠬᠤ ᠣᠷᠣᠨ ᠳᠤ ᠭᠤᠷᠪᠠᠳᠤᠭᠠᠷ ᠳᠡᠰ ᠤᠨ ᠬᠥᠬᠡ ᠲᠠᠰ ᠤᠨ ᠮᠣᠩᠭᠤᠯ ᠡᠮᠨᠡᠯᠭᠡ ᠶᠢᠨ ᠬᠤᠷᠢᠶ᠎ᠠ ᠥᠬᠡᠶ  ᠪᠠᠶᠢᠬᠰᠠᠨ ᠬᠤᠭᠤᠰᠣᠨ ᠢ ᠨᠥᠬᠦᠪᠥᠷᠢᠯᠡᠪᠡ᠃
历史11.png   2014 ᠣᠨ ᠤ 4 ᠰᠠᠷ᠎ᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠱᠤᠩᠬᠤᠷ ᠨᠤᠭᠤ
ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠲᠣᠭᠲᠠᠭᠠᠯᠲᠠ ᠪᠠᠷ ᠳᠡᠮᠵᠢᠨ᠂ ᠵᠢᠩᠬᠢᠨᠢ ᠪᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠠᠭᠠᠯᠠᠯᠲᠠ ᠶᠢᠨ ᠣᠷᠣᠨ ᠪᠣᠯᠪᠠ᠃ 11 ᠰᠠᠷ᠎ᠠ ᠶᠢᠨ 25 ᠤ ᠡᠳᠦᠷ᠂ ᠤᠯᠤᠰ ᠤᠨ ᠤᠯᠠᠮᠵᠢᠯᠠᠯᠲᠤ ᠬᠠᠮᠠᠭᠠᠯᠠᠯᠲᠠ ᠶᠢᠨ ᠲᠣᠰᠬᠤᠨ ᠤ ᠬᠥᠭᠵᠢᠯᠲᠡ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤᠨ ᠤ ᠠᠭᠤᠯᠠ ᠲᠣᠰᠬᠤᠨ ᠭᠤᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠤ ᠨᠡᠷᠡᠰ ᠤᠨ ᠵᠢᠭᠰᠠᠭᠠᠯᠲᠠ ᠳᠤ ᠣᠷᠣᠵᠤ᠂ ᠲᠦᠩᠯᠢᠶᠣᠤ ᠬᠤᠲᠠ  ᠠᠴᠠ ᠴᠣᠷ ᠤᠨ ᠭᠠᠭᠴᠠ ᠰᠣᠩᠭᠤᠭᠳᠠᠭᠰᠠᠨ ᠲᠣᠰᠬᠤᠨ ᠪᠣᠯᠤᠨ᠎ᠠ᠃
 历史17.png
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠨᠠᠮ ᠤ ᠬᠤᠷᠢᠶᠠᠨ ᠤ ᠤᠬᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号