ᠲᠡᠦᠭᠡ ᠶᠢᠨ ᠤᠷᠳᠤ ᠠᠶᠠᠨ ᠳᠤ ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ᠂ ᠪᠦᠬᠦ ᠤᠯᠤᠰ ᠤᠨ ᠡᠯ᠎ᠡ | ᠭᠠᠵᠠᠷ ᠤᠷᠤᠨ ᠲᠠᠢ ᠴᠤᠬᠭᠠᠷ ᠬᠤᠪᠢᠰᠬᠠᠯ ᠪᠤᠯᠤᠨ ᠡᠩᠬᠡ ᠲᠠᠶᠢᠪᠤᠩ ᠤᠨ ᠦᠷ ᠤᠨ ᠲᠤᠶᠠᠭ᠎ᠠ ᠶᠢ ᠬᠡᠷᠡᠴᠢᠯᠡᠪᠡ᠃ | ᠥᠨᠥᠳᠥᠷ᠂ ᠨᠠᠶᠢᠷᠠᠭᠤᠯᠤᠭᠴᠢ ᠲᠠᠨ ᠢ ᠳᠠᠭᠠᠭᠤᠯᠤᠨ ᠴᠠᠭ ᠮᠥᠴᠡ ᠶᠢ ᠭᠡᠲᠦᠯᠵᠦ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠲᠡᠤᠬᠡᠨ ᠳᠡᠭᠡᠷᠡᠬᠢ ᠬᠡᠰᠡᠭ ᠴᠢᠬᠤᠯᠠ ᠶᠡᠭᠡ ᠬᠡᠷᠡᠭ ᠶᠠᠪᠤᠳᠠᠯ ᠢ ᠡᠷᠬᠢᠴᠡᠬᠦᠯᠦᠶᠡ︕ | | 2017 ᠣᠨ ᠤ 5 ᠰᠠᠷ᠎ᠠ ᠶᠢᠨ 13 ᠤ ᠡᠳᠦᠷ᠂ ︽ᠤᠯᠤᠰ ᠢᠶᠠᠨ ᠬᠠᠶᠢᠷᠠᠯᠠᠵᠤ᠂ ᠳᠤᠮᠳᠠᠳᠤ ᠶᠢᠨ ᠬᠦᠰᠡᠯ | ᠢᠶᠠᠨ ᠲᠡᠷᠭᠡᠯᠰᠢᠭᠦᠯᠦᠶ᠎ᠡ︾ - ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠪᠦᠬᠦ | ᠤᠯᠤᠰ ᠤᠨ ᠪᠣᠯᠪᠠᠰᠤᠨ ᠲᠣᠰᠬᠤᠨ ᠪᠠᠯᠭᠠᠰᠤ ᠶᠢᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠬᠤᠨᠠᠨ ᠤ | ᠮᠢ ᠯᠦᠸᠧ ᠯᠤᠤᠲᠤ ᠣᠩᠭᠤᠴᠠ ᠶᠢᠨ ᠥᠷᠢᠰᠥᠯᠳᠦᠭᠡᠨ ᠤ ᠲᠥᠪ ᠲᠤ ᠶᠠᠪᠤᠭᠳᠠᠪᠠ᠃ ᠮᠠᠨ ᠤ ᠬᠤᠰᠢᠭᠤ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠢ ᠲᠦᠯᠦᠭᠡᠯᠡᠵᠥ ᠤᠷᠢᠯᠭ᠎ᠠ ᠪᠠᠷ ᠲᠤᠰ ᠤᠳᠠᠭᠠᠨ ᠤ ᠲᠤᠬᠯᠠᠯᠳᠠ ᠶᠢᠨ | ᠠᠵᠢᠯᠯᠠᠭ᠎ᠠ ᠳᠤ ᠤᠷᠤᠯᠴᠠᠵᠥ᠂ ᠬᠠᠮᠳᠤ ᠲᠤᠨᠢ ᠦᠨᠳᠦᠰᠦᠳᠡᠨ ᠤ ᠲᠠᠭᠤᠤ ᠪᠦᠵᠢᠭ ︽ᠱᠤᠩᠬᠤᠷ ᠂ ᠴᠤᠬᠯᠠᠭᠠᠨ︾ | ᠭᠡᠬᠦ ᠪᠦᠵᠢᠭ ᠢ ᠲᠤᠬᠯᠠᠵᠥ᠂ ᠲᠠᠯ᠎ᠠ ᠨᠤᠳᠤᠭ ᠤᠨ ᠰᠤᠶᠤᠯ ᠤᠨ ᠨᠦᠯᠦᠭᠡᠯᠡᠬᠦ ᠬᠦᠴᠦᠨ ᠪᠠ ᠨᠡᠷ᠎ᠡ ᠠᠯᠳᠠᠷᠰᠢᠯ ᠢ | ᠲᠡᠭᠡᠭᠰᠢᠯᠡᠬᠦᠯᠵᠥ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠶᠢ ᠲᠠᠬᠢᠨ ᠨᠢᠭᠡ ᠤᠳᠠᠭ᠎ᠠ ᠲᠦᠪ ᠲᠧᠯᠸᠢᠰ ᠤᠨ | ᠲᠠᠪᠴᠠᠩ ᠳᠤ ᠲᠡᠯᠭᠡᠪᠡ᠃ 12 ᠰᠠᠷ᠎ᠠ ᠶᠢᠨ 1 ᠤ ᠡᠳᠦᠷ᠂ ᠤᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ | ᠪᠦ᠋ ᠰᠢᠶᠤᠤ ᠯᠢᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ ᠲᠤ ᠢᠷᠡᠵᠥ ᠠᠵᠢᠯ ᠤᠨ | ᠪᠠᠶᠢᠴᠠᠭᠠᠨ ᠰᠤᠳᠤᠯᠤᠯᠲᠠ ᠬᠢᠪᠠ᠃ |  2018 ᠤᠨ ᠤ 12 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ 9᠄ 33 ᠮᠢᠨᠦ᠋ᠲ ᠲᠤ | ᠵᠢᠩᠬᠢᠨᠢ ᠪᠠᠷ ᠠᠰᠢᠭᠯᠠᠯᠳᠠ ᠳᠤ ᠤᠷᠤᠭᠰᠠᠨ ᠰᠢᠨ ᠲᠦᠩ ᠦᠨᠳᠦᠷ ᠬᠤᠷᠳᠤᠴᠠᠲᠤ ᠲᠡᠮᠦᠷ ᠵᠠᠮ ᠤᠨ ᠭᠠᠯᠳᠦ ᠲᠡᠷᠭᠡ | ᠭᠠᠨᠵᠤᠭ᠎ᠠ ᠦᠷᠳᠡᠭᠡ ᠳᠤ ᠬᠦᠷᠴᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠢᠩᠬᠢᠨᠢ ᠪᠠᠷ ︽ᠲᠦᠷᠭᠡᠨ | ᠲᠡᠮᠦᠷ ᠵᠠᠮ ᠤᠨ ᠴᠠᠭ ᠦᠶ᠎ᠡ︾ ᠳᠤ ᠤᠷᠤᠭᠰᠠᠨ ᠢ ᠬᠠᠷᠠᠭᠤᠯᠪᠠ᠃ |  2019 ᠣᠨ ᠤ 5 ᠰᠠᠷ᠎ᠠ ᠶᠢᠨ 15 ᠤ ᠡᠳᠦᠷ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ | ᠪᠤᠳᠠᠭ᠎ᠠ ᠵᠢᠴᠢ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ᠂ ᠣᠯᠠᠨ ᠤᠯᠤᠰ ᠤᠨ ᠲᠠᠷᠢᠶᠠᠯᠠᠩ ᠤᠨ ᠬᠥᠭᠵᠢᠯᠲᠡ ᠶᠢᠨ | ᠰᠠᠭᠤᠷᠢ ᠮᠥᠩᠭᠦ᠂ ᠳᠡᠯᠡᠬᠡᠶ ᠶᠢᠨ ᠠᠮᠤ ᠪᠤᠳᠠᠭᠠᠨ ᠤ ᠲᠥᠯᠥᠪᠯᠡᠭᠡ ᠶᠢᠨ ᠵᠠᠬᠢᠷᠭ᠎ᠠ᠂ ᠳᠤᠮᠳᠠᠳᠤ ᠤᠯᠤᠰ ᠤᠨ ᠣᠯᠠᠨ | ᠤᠯᠤᠰ ᠤᠨ ᠶᠠᠳᠠᠭᠤ ᠶᠢ ᠲᠡᠳᠬᠦᠬᠦ ᠲᠥᠪ ᠪᠣᠯᠤᠨ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ | ᠮᠡᠳᠡᠭᠡᠨ ᠤ ᠲᠥᠪ ᠵᠡᠷᠭᠡ ᠲᠠᠪᠤᠨ ᠪᠠᠶᠢᠭᠤᠯᠤᠮᠵᠢ ᠶᠢᠨ ᠬᠠᠮᠲᠤᠷᠠᠨ ᠡᠷᠬᠢᠯᠡᠭᠰᠡᠨ ︽2019᠂ ᠪᠦᠬᠦ | ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠥᠭᠡᠳᠬᠡᠬᠦ ᠬᠠᠨᠢᠲᠠᠨ ᠤ ᠰᠤᠳᠤᠯᠤᠨ ᠶᠠᠷᠢᠯᠴᠠᠬᠤ | ᠬᠤᠷᠠᠯ︾ ᠢᠲ᠋ᠠᠯᠢ ᠳᠤ ᠶᠠᠪᠤᠭᠳᠠᠵᠤ᠂ ᠤᠤᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠳᠠᠷᠤᠭ᠎ᠠ ᠾᠧ ᡁᠢ ᠸᠧᠶ᠂ ᠳᠤᠮᠳᠠᠳᠤ ᠤᠯᠤᠰ ᠤᠨ ᠴᠣᠷ ᠤᠨ ᠭᠠᠭᠴᠠ ᠱᠠᠩᠨᠠᠯ ᠬᠦᠷᠲᠡᠭᠰᠡᠨ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠤ ᠤᠷᠢᠯᠭ᠎ᠠ ᠪᠠᠷ ᠬᠤᠷᠠᠯ | ᠳᠡᠭᠡᠷ᠎ᠡ ︽ᠠᠮᠢ ᠠᠬᠤᠶ ᠶᠢ ᠰᠡᠷᠭᠦᠭᠡᠨ ᠶᠠᠳᠠᠭᠤ ᠶᠢ ᠲᠡᠳᠬᠦᠬᠦ︾ ᠦᠯᠢᠭᠡᠷ ᠵᠢᠱᠢᠶ᠎ᠡ ᠶᠢ ᠬᠤᠪᠢᠶᠠᠯᠴᠠᠪᠠ᠃ | 2019 ᠣᠨ ᠤ 10 ᠰᠠᠷ᠎ᠠ ᠶᠢᠨ 16 ᠤ ᠡᠳᠦᠷ᠂ ︽2019 ᠣᠨ ᠤ ᠳᠤᠮᠳᠠᠳᠤ ᠤᠯᠤᠰ ᠤᠨ ᠶᠠᠳᠠᠭᠤ ᠶᠢ | ᠲᠡᠳᠭᠦᠬᠦ ᠣᠯᠠᠨ ᠤᠯᠤᠰ ᠤᠨ ᠶᠠᠷᠢᠶᠠᠨ ᠤ ᠲᠠᠪᠴᠠᠩ︾ ᠪᠡᠭᠡᠵᠢᠩ ᠳᠤ ᠶᠠᠪᠤᠭᠳᠠᠪᠠ᠃ ᠲᠤᠬᠠᠶ ᠶᠢᠨ ᠲᠠᠯᠠᠪᠠᠶ ᠳᠤ | ᠠᠩᠬᠠᠳᠤᠭᠠᠷ ᠬᠤᠭᠤᠴᠠᠭᠠᠨ ᠤ ︽ᠪᠥᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠴᠥᠭᠡᠳᠬᠡᠭᠰᠡᠨ ᠦᠯᠢᠬᠡᠷ ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ︾ ᠶᠢᠨ 110 ᠱᠠᠩᠨᠠᠯ ᠭᠥᠷᠳᠡᠭᠰᠡᠨ ᠰᠤᠳᠤᠨ | ᠵᠢᠱᠢᠶ᠎ᠡ ᠶᠢ ᠨᠡᠶᠢᠲᠡᠯᠡᠭᠰᠡᠨ ᠪᠥᠭᠡᠳ ᠰᠤᠳᠤᠨ ᠵᠢᠱᠢᠶ᠎ᠡ ᠶᠢᠨ ᠵᠣᠬᠢᠶᠠᠭᠴᠢ ᠶᠢᠨ ᠲᠥᠯᠥᠭᠡᠯᠡᠭᠴᠢ ᠳᠤ ᠦᠨᠡᠮᠯᠡᠯ | ᠣᠯᠭᠤᠭᠰᠠᠨ ᠪᠠᠶᠢᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠠᠮᠢ ᠠᠬᠤᠶ ᠪᠠᠷ ᠶᠠᠳᠠᠭᠤ ᠶᠢ | ᠲᠡᠳᠬᠦᠭᠰᠡᠨ ᠦᠯᠢᠭᠡᠷ ᠵᠢᠱᠢᠶ᠎ᠡ︾ ᠪᠠ ︽ᠤᠯᠠᠭᠠᠨ ᠦᠬᠡᠷ ᠤᠨ ᠠᠵᠤ ᠦᠢᠯᠡᠰ ᠢᠶᠠᠷ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠭᠰᠡᠨ ᠦᠯᠢᠭᠡᠷ ᠵᠢᠱᠢᠶ᠎ᠡ︾ ᠶᠢᠨ ᠬᠤᠤᠰ ᠰᠣᠩᠭᠤᠭᠳᠠᠭᠰᠠᠨ ᠶᠠᠪᠤᠳᠠᠯ ᠨᠢ ᠪᠥᠬᠦ ᠤᠯᠤᠰ ᠲᠤ | ᠴᠣᠷ ᠤᠨ ᠭᠠᠭᠴᠠ 2 ᠦᠯᠢᠭᠡᠷ ᠵᠢᠱᠢᠶ᠎ᠡ ᠬᠠᠮᠳᠤ ᠲᠤᠨᠢ ᠰᠣᠩᠭᠤᠭᠳᠠᠭᠰᠠᠨ ᠬᠤᠰᠢᠭᠤ ᠰᠢᠶᠠᠨ ᠪᠤᠯᠪᠠ ᠃ | | 2021 ᠣᠨ ᠤ 1 ᠰᠠᠷ᠎ᠠ ᠶᠢᠨ 22 ᠤ ᠡᠳᠦᠷ᠂ ᠲᠦᠩᠯᠢᠶᠣᠤ ᠠᠴᠠ ᠪᠡᠭᠡᠵᠢᠩ ᠤᠨ ᠴᠤᠤᠶᠠᠩ ᠬᠥᠷᠬᠦ | ᠬᠥᠳᠡᠯᠭᠡᠭᠦᠷᠲᠦ ᠴᠤᠪᠤᠭ᠎ᠠ ᠲᠡᠷᠭᠡ G3662 ᠵᠢᠩᠬᠢᠨᠢ ᠪᠠᠷ ᠠᠶᠠᠯᠠᠭᠰᠠᠨ ᠪᠥᠭᠡᠳ ᠪᠡᠭᠡᠵᠢᠩ ᠮᠦᠭᠳᠡᠨ ᠤ | ᠥᠨᠳᠥᠷ ᠬᠤᠷᠳᠤᠴᠠᠲᠤ ᠲᠡᠮᠦᠷ ᠵᠠᠮ ᠵᠢᠩᠬᠢᠨᠢ ᠪᠠᠷ ᠨᠡᠪᠲᠡᠷᠡᠭᠰᠡᠨ ᠢ ᠬᠠᠷᠠᠭᠤᠯᠪᠠ ᠃ ᠭᠠᠨᠵᠤᠭ᠎ᠠ ᠠᠴᠠ ᠪᠡᠭᠡᠵᠢᠩ | ᠬᠦᠷᠬᠦ ᠳᠤ ᠬᠠᠮᠤᠭ ᠬᠤᠷᠳᠤᠨ ᠳᠠᠭᠠᠨ 3 ᠴᠠᠭ 23 ᠮᠢᠨᠦ᠋ᠲ ᠯᠡ ᠭᠡᠷᠡᠭᠰᠡᠬᠦ ᠪᠤᠯᠪᠠ᠃ |  2022 ᠣᠨ ᠤ 1 ᠰᠠᠷ᠎ᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠨᠳᠤᠤ ᠶᠢᠨ ᠪᠤᠯᠠᠭ | ᠡᠯᠡᠰᠦᠨ ᠴᠦᠯ ᠤᠨ ᠮᠠᠰᠢᠨ ᠲᠡᠷᠭᠡ ᠥᠪᠡᠰᠦᠪᠡᠨ ᠵᠢᠯᠣᠭᠤᠳᠬᠤ ᠬᠥᠳᠡᠯᠭᠡᠭᠡᠨ ᠤ ᠬᠤᠸᠠᠷᠠᠨ ᠨᠢ ᠤᠯᠤᠰ ᠤᠨ 5C | ᠲᠠᠰ ᠤᠨ ᠬᠤᠪᠢ ᠶᠢᠨ ᠮᠠᠰᠢᠨ ᠲᠡᠷᠭᠡᠨ ᠤ ᠬᠤᠸᠠᠷᠠᠨ ᠤ ᠶᠠᠰᠤ ᠴᠢᠨᠠᠷ ᠤᠨ ᠵᠡᠷᠭᠡ ᠳᠡᠰ ᠢᠶᠠᠷ ᠵᠦᠪᠰᠢᠶᠡᠷᠡᠭᠳᠡᠵᠥ ᠂ | ᠪᠥᠬᠦ ᠣᠷᠣᠨ ᠤ ᠠᠩᠬᠠᠳᠠᠭᠴᠢ 5C ᠲᠠᠰ ᠤᠨ ᠬᠤᠸᠠᠷᠠᠨ ᠤ ᠭᠠᠵᠠᠷ ᠪᠣᠯᠪᠠ᠃ |  2022 ᠣᠨ ᠤ 7 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠴᠠᠬᠢᠭᠤᠷ ᠡᠯᠡᠰᠦᠨ ᠤ ᠰᠢᠨ᠎ᠡ | ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠢᠶᠠᠨ ᠶᠠᠩ | ᠴᠠᠬᠢᠭᠤᠷ ᠡᠯᠡᠰᠦᠨ ᠤ ᠠᠵᠤ ᠦᠢᠯᠡᠰ ᠤᠨ ᠬᠦᠷᠢᠶᠡᠯᠡᠩ ᠳᠤ ᠪᠠᠶᠢᠭᠤᠯᠤᠭᠳᠠᠪᠠ᠃ |  ᠲᠡᠦᠭᠡ ᠶᠢᠨ ᠤᠷᠳᠤ ᠠᠶᠠᠨ ᠳᠤ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠨᠢᠭᠡᠨᠳᠡ ᠠᠭᠠᠵᠢᠮ ᠢᠶᠠᠷ | ᠪᠤᠵᠠᠭᠠᠶᠢᠷᠠᠪᠠ᠃ ᠠᠳᠡᠬᠢ ᠥᠪᠡᠷᠮᠢᠴᠡ ᠰᠤᠶᠤᠯ ᠨᠢ ᠭᠡᠷᠡᠯᠲᠦ ᠰᠤᠪᠤᠳ ᠮᠡᠲᠦ ᠭᠢᠯᠠᠯᠵᠠᠨ᠎ᠠ᠃ ᠡᠳᠦᠭᠡ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ ᠢᠳᠡᠪᠬᠢᠲᠡᠶ ᠪᠠᠷ | ᠵᠠᠮ ᠨᠡᠭᠡᠭᠡᠨ ᠰᠢᠨ᠎ᠡ ᠶᠢ ᠡᠭᠦᠳᠴᠦ᠂ ᠨᠠᠩ ᠰᠠᠶᠢᠨ ᠰᠠᠶᠢᠬᠠᠨ ᠢᠷᠡᠭᠡᠳᠦᠢ ᠲᠡᠰᠢ ᠲᠣᠭᠲᠠᠭᠤᠨ ᠢᠶᠠᠷ ᠤᠷᠤᠬᠰᠢᠯᠠᠨ᠎ᠠ | ᠃ | |