ᠭᠦᠸᠧ ᠲᠢᠶᠠᠨ ᠪᠦᠦ ᠠᠵᠤ ᠠᠬᠤᠶᠢᠯᠠᠯ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠢ ᠵᠥᠪᠳᠡᠯᠴᠡᠪᠡ
ᠨᠡᠶᠢᠲᠡᠯᠡᠭᠰᠡᠨ ᠴᠠᠭ᠄
2024/10/31
   10 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠤᠷᠢᠳ ᠬᠤᠵᠢᠳ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠺᠣᠮᠫᠠᠨᠢ ᠪᠣᠯᠤᠨ ᠥᠪᠥᠷ ᠮᠣᠩᠭᠤᠯ ᠤᠨ ᠵᠢᠦ ᠯᠦᠩ ᠰᠢᠨᠵᠢᠯᠡᠬᠦ ᠮᠡᠷᠭᠡᠵᠢᠯ ᠤᠨ ᠰᠤᠳᠤᠯᠤᠨ ᠨᠡᠭᠡᠭᠡᠬᠦ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠤᠭᠰᠠᠨ 75 ᠲᠦᠮᠡᠨ ᠺᠢᠯᠣᠸᠠᠲ ᠤᠨ ᠲᠥᠷᠥᠯ ᠵᠦᠢᠯ ᠤᠨ ᠭᠠᠵᠠᠷ ᠰᠣᠩᠭᠤᠬᠤ᠂ ᠸᠠᠭᠠᠷ ᠱᠠᠭᠠᠵᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠡᠷᠭᠡ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠪᠡ᠃ ᠬᠤᠰᠢᠭᠤᠨ ᠤ ᠤᠳᠤᠷᠢᠳᠤᠯᠭ᠎ᠠ ᠸᠧᠨ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃
  郭天宝与企业洽谈项目合作事宜01.jpg   
    ᠭᠦᠸᠧ ᠲᠢᠶᠠᠨ ᠪᠦᠦ ᠬᠡᠯᠡᠬᠦ ᠳᠡᠭᠡᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠨᠢᠭᠡ ᠵᠦᠢᠯ ᠤᠨ ᠲᠤᠯᠭᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ᠃ ᠣᠳᠣᠬᠠᠨ ᠳᠤ᠂ ᠢᠨᠵᠧᠨᠧᠷᠢᠩ ᠨᠢᠭᠡᠨᠲᠡ ᠪᠣᠳᠠᠲᠠᠶ ᠠᠬᠢᠭᠤᠯᠬᠤ ᠱᠠᠲᠤᠨ ᠳᠤ ᠤᠷᠤᠪᠠ᠂ ᠡᠯ᠎ᠡ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠲᠥᠷᠥᠯ ᠵᠦᠢᠯ ᠤᠨ ᠭᠠᠵᠠᠷ ᠰᠢᠷᠣᠶ ᠲᠠᠲᠠᠪᠤᠷᠢᠯᠠᠬᠤ᠂ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ 2025 ᠣᠨ ᠳᠤ ᠡᠷᠲᠡᠬᠡᠨ ᠠᠵᠢᠯ ᠡᠬᠢᠯᠡᠭᠦᠯᠵᠦ᠂ ᠲᠤᠬᠠᠶ ᠶᠢᠨ ᠵᠢᠯ ᠳᠤ ᠠᠵᠢᠯ ᠳᠠᠭᠤᠰᠬᠠᠬᠤ ᠪᠠᠷ ᠴᠢᠷᠮᠠᠶᠢᠬᠤ ᠬᠡᠷᠡᠭᠲᠡᠶ᠃ ᠨᠡᠮᠡᠭᠳᠡᠯ ᠴᠠᠬᠢᠯᠭᠠᠨ ᠲᠦᠭᠡᠭᠡᠬᠦ ᠲᠣᠣᠷ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠤ ᠰᠢᠭᠤᠳ ᠬᠠᠩᠭᠠᠯᠭ᠎ᠠ ᠵᠡᠷᠭᠡ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠲᠦᠷᠦᠯ ᠵᠦᠢᠯ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠬᠠᠷᠢᠯᠴᠠᠨ ᠵᠣᠬᠢᠴᠠᠬᠤ᠂ ᠰᠢᠰᠲ᠋ᠧᠮ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠬᠤᠯᠪᠣᠭᠳᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠤᠷᠲᠤᠳᠬᠠᠵᠤ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
  郭天宝与企业洽谈项目合作事宜02.jpg  
    ᠭᠦᠸᠧ ᠲᠢᠶᠠᠨ ᠪᠦᠦ ᠬᠡᠯᠡᠬᠦ ᠳᠡᠭᠡᠨ᠂ ᠮᠠᠨ ᠤ ᠬᠤᠰᠢᠭᠤᠨ ᠤ ᠴᠠᠬᠢᠭᠤᠷ ᠡᠯᠡᠰᠦᠨ ᠤ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠪᠠ ᠦᠢᠯᠡᠳᠪᠦᠷᠢᠯᠡᠯ ᠤᠨ ᠬᠦᠴᠦᠨ ᠵᠦᠢᠯ ᠨᠡᠯᠢᠶᠡᠳ ᠳᠠᠪᠠᠭᠤᠯᠢᠭ ᠢᠯᠡᠷᠬᠡᠶ᠂ ᠸᠠᠭᠠᠷ ᠱᠠᠭᠠᠵᠠᠩ ᠤᠨ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠬᠤ ᠤᠷᠢᠳᠠᠴᠢ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠴᠠᠬᠢᠭᠤᠷ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠵᠦ ᠪᠠᠶᠢᠨ᠎ᠠ᠃ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠪᠣᠯᠤᠨ ᠣᠶᠢᠯᠠᠭᠠᠭᠳᠠᠬᠤᠨ ᠢᠶᠠᠷ ᠸᠠᠭᠠᠷ ᠱᠠᠭᠠᠵᠠᠩ ᠦᠢᠯᠡᠳᠬᠦ ᠡᠨᠡ ᠬᠦ ᠠᠵᠤ ᠦᠢᠯᠡᠰ ᠢ ᠬᠠᠮᠲᠤ ᠪᠠᠷ ᠬᠢᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠢ ᠲᠦᠷᠭᠡᠨ ᠪᠦᠷᠢᠯᠳᠦᠭᠦᠯᠵᠦ᠂ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号