ᠴᠢ᠊ · ᠳᠠᠯᠠᠨᠲᠠᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠭᠤᠤᠯᠳᠠᠯᠭ᠎ᠠ ᠲᠠᠢ ᠲᠥᠷᠥᠯ ᠵᠦᠢᠯ  ᠢ ᠨᠠᠮᠤᠷ ᠡᠪᠦᠯ ᠤᠨ ᠤᠯᠠᠷᠢᠯ ᠳᠤ ᠱᠠᠯᠠᠪᠳᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/31
   10 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠢᠷᠡᠵᠦ᠂ ᠭᠤᠤᠯᠳᠠᠯᠭ᠎ᠠ ᠲᠠᠢ ᠲᠥᠷᠥᠯ ᠵᠦᠢᠯ ᠢ ᠨᠠᠮᠤᠷ ᠡᠪᠦᠯ ᠤᠨ ᠤᠯᠠᠷᠢᠯ ᠳᠤ ᠱᠠᠯᠠᠪᠳᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ︽ᠲᠥᠷᠥᠯ ᠵᠦᠢᠯ ᠢᠶᠠᠷ ᠭᠤᠤᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠨ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠥᠷᠥᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠢᠦᠶ ᠵᠢᠦ ᠶᠠᠨ᠂ ᠰᠢᠤᠢ ᠪᠦᠦ ᠵᠢᠶᠦ᠋ᠨ ᠣᠷᠣᠯᠴᠠᠵᠠᠶ᠃
 奇·达楞太在科左后旗开展重点项目秋冬季.jpg    
     ᠴᠢ᠊ · ᠳᠠᠯᠠᠨᠲᠠᠢ ᠥᠪᠥᠷ ᠮᠣᠩᠭᠤᠯ ᠤᠨ ᠮᠧᠩ ᠪᠦᠦ ᠴᠠᠪᠠᠳᠯᠢᠭ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠬᠡᠷ ᠤᠨ ᠲᠤᠰᠠᠯᠠᠬᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ ᠬᠢᠪᠡ᠃      ᠴᠢ᠊ · ᠳᠠᠯᠠᠨᠲᠠᠢ ᠨᠠᠷ ᠤᠷᠢᠳ ᠬᠤᠵᠢᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠥᠩ ᠰᠢᠩ ᠴᠧᠩ ᠱᠢ ᡁᠢ ᠭᠤᠸᠠᠩ ᠲᠥᠷᠥᠯ ᠵᠦᠢᠯ᠂ ᠠᠯᠪᠠᠨ ᠠᠴᠠ ᠡᠷᠭᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ᠂ ᠥᠪᠥᠷ ᠮᠣᠩᠭᠤᠯ ᠤᠨ ᠮᠥ ᠷᠧᠨ ᠦᠢᠯᠡᠳᠭᠡᠯ ᠤᠨ ᠢᠳᠡᠭᠡᠨ᠂ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠲᠦᠩᠯᠢᠶᠣᠤ ᠴᠠᠬᠢᠭᠤᠷ ᠡᠯᠡᠰᠦᠨ ᠤ ᠠᠵᠤ ᠤᠶᠢᠯᠡᠳᠪᠦᠷᠢ᠂ ᠥᠪᠥᠷ ᠮᠣᠩᠭᠤᠯ ᠤᠨ ᠮᠧᠩ ᠪᠦᠦ ᠴᠠᠪᠠᠤᠯᠢᠭ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ᠂ ᠶᠦᠨ ᠳ᠋ᠡ ᠬᠤᠪᠢ ᠣᠷᠣᠭᠤᠯᠤᠭᠰᠠᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠭᠦᠸᠧ ᠯᠢ ᠸᠣᠯᠹᠷᠠᠮ ᠤᠨ ᠰᠠᠭᠤᠷᠢ ᠰᠢᠨ᠎ᠡ ᠮᠠᠲ᠋ᠧᠷᠢᠶᠠᠯ᠂ ᠱᠧᠩ ᠪᠦᠦ ᠰᠢᠨᠵᠢᠯᠡᠬᠦ ᠮᠡᠷᠭᠡᠵᠢᠯ᠂ ᠲᠦᠩᠯᠢᠶᠣᠤ ᠬᠤᠲᠠ ᠶᠢᠨ ᠤᠣ ᠪᠠᠩ ᠴᠡᠴᠡᠷᠯᠢᠭ ᠤᠨ ᠤᠷᠠᠯᠢᠭ ᠤᠨ ᠴᠢᠮᠡᠭᠯᠡᠯ ᠤᠨ ᠪᠣᠳᠠᠰ᠂ ᠲᠦᠩᠯᠢᠶᠣᠤ ᠶᠢᠨ ᠵᠥᠩ ᠪᠦᠸᠧ ᠰᠢᠨ᠎ᠡ ᠡᠨᠧᠷᠭᠢ᠂ ᠥᠪᠥᠷ ᠮᠣᠩᠭᠤᠯ ᠤᠨ ᠵᠢᠶ ᠶᠤᠸᠠᠨ ᠢᠯᠴᠢ ᠴᠠᠬᠢᠯᠭᠠᠨ᠂ ᠥᠪᠥᠷ ᠮᠣᠩᠭᠤᠯ ᠤᠨ ᠵᠢᠦ ᠯᠦᠩ ᠰᠢᠨᠵᠢᠯᠡᠬᠦ ᠮᠡᠷᠭᠡᠵᠢᠯ ᠵᠡᠷᠭᠡ ᠲᠥᠷᠥᠯ ᠵᠦᠢᠯ ᠳᠤ ᠬᠦᠷᠴᠦ᠂ ᠱᠠᠯᠠᠪᠳᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠲᠤᠬᠠᠶ ᠶᠢᠨ ᠲᠠᠯᠠᠪᠠᠶ ᠳᠤ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
  奇·达楞太在科左后旗开展重点项目秋冬季02.jpg
     ᠴᠢ᠊ · ᠳᠠᠯᠠᠨᠲᠠᠢ ᠥᠪᠥᠷ ᠮᠣᠩᠭᠤᠯ ᠤᠨ ᠮᠦ ᠷᠧᠨ ᠦᠢᠯᠡᠳᠭᠡᠯ ᠤᠨ ᠢᠳᠡᠭᠡᠨ ᠤ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠯᠠᠰᠢᠨ ᠦᠬᠡᠷ ᠤᠨ ᠠᠵᠤ ᠦᠢᠯᠡᠰ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃     ᠱᠠᠯᠠᠪᠳᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠴᠢ᠊ · ᠳᠠᠯᠠᠨᠲᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠶᠢᠨ ᠡᠷᠭᠢᠯᠳᠡ᠂ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠲᠥᠯᠥᠪᠵᠢᠭᠦᠯᠭᠡ᠂ ᠰᠤᠯᠠ ᠪᠠᠶᠢᠭ᠎ᠠ ᠭᠠᠵᠠᠷ ᠰᠢᠷᠣᠶ ᠶᠢ ᠠᠰᠢᠭᠯᠠᠬᠤ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠂ ᠳᠠᠯᠳᠠ ᠬᠦᠴᠦᠨ ᠢᠶᠠᠨ ᠦᠷᠭᠦᠯᠵᠢᠯᠡᠨ ᠭᠦᠨ ᠠᠭᠤᠳᠠᠯᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ᠃ ᠠᠵᠤ ᠦᠢᠯᠡᠰ ᠤᠨ ᠬᠥᠭᠵᠢᠯᠲᠡ ᠶᠢ ᠲᠦᠷᠦᠯ ᠵᠦᠢᠯᠴᠢᠯᠡᠨ ᠠᠬᠢᠭᠤᠯᠵᠤ᠂ ᠠᠯᠠᠰᠢᠨ ᠦᠬᠡᠷ ᠂ ᠴᠠᠬᠢᠭᠤᠷ ᠡᠯᠡᠰᠦ᠂ ᠪᠣᠬᠢᠷᠲᠤᠯ ᠦᠭᠡᠢ ᠴᠠᠬᠢᠯᠭᠠᠨ᠂ ᠤᠰᠤᠨ ᠤ ᠡᠬᠢ ᠪᠠᠶᠠᠯᠢᠭ ᠵᠡᠷᠭᠡ ᠳᠠᠪᠠᠭᠤᠯᠢᠭ ᠠᠵᠤ ᠦᠢᠯᠡᠰ ᠪᠣᠯᠤᠨ ᠳᠠᠪᠠᠭᠤᠯᠢᠭ ᠡᠬᠢ ᠪᠠᠶᠠᠯᠢᠭ ᠤᠨ ᠲᠣᠭᠤᠷᠢᠨ ᠳᠤ᠂ ᠪᠦᠬᠦ ᠬᠡᠯᠬᠢᠶ᠎ᠡ ᠶᠢᠨ ᠰᠢᠰᠲ᠋ᠧᠮ ᠤᠨ ᠴᠢᠨᠠᠷᠲᠠᠢ ᠲᠦᠷᠦᠯ ᠵᠦᠢᠯ᠂ ᠲᠤᠮᠤ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠠᠵᠤ ᠦᠢᠯᠡᠰ ᠤᠨ ᠲᠥᠪᠯᠡᠷᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠳᠤ ᠦᠢᠯᠡᠴᠢᠯᠡᠵᠦ ᠪᠠᠲᠤᠯᠠᠬᠤ ᠴᠢᠳᠠᠪᠤᠷᠢ ᠪᠣᠯᠤᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠣᠨᠣᠪᠴᠢᠲᠠᠢ ᠥᠨᠳᠥᠷ ᠪᠦᠲᠦᠮᠵᠢᠲᠡᠢ ᠪᠠᠷ ᠲᠤᠬᠢᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ᠰᠢᠰᠲ᠋ᠧᠮ ᠲᠠᠢ ᠲᠥᠯᠥᠪᠵᠢᠭᠦᠯᠵᠦ᠂ ᠶᠡᠭᠡ ᠪᠠᠷ ᠤᠬᠠᠭᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠵᠡᠯᠲᠡ ᠪᠠᠨ ᠬᠤᠪᠢᠷᠠᠭᠤᠯᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠱᠠᠯᠠᠪᠳᠠᠭᠤᠯᠤᠨ ᠰᠢᠢᠳᠪᠦᠷᠢᠯᠡᠬᠦ ᠶᠢ ᠠᠩᠬᠠᠷᠴᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠨᠠᠭᠰᠢᠳᠠ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠶ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号