ᠠᠭᠤᠯᠠ ᠪᠠᠯᠭᠠᠰᠤ ᠨᠠᠮ ᠤᠨ ᠪᠠᠢᠭᠤᠯᠤᠯᠲᠠ ᠶᠢ ᠬᠥᠲᠥᠯᠦᠨ ᠳᠠᠭᠠᠭᠤᠯᠵᠤ ᠠᠮᠢ ᠠᠬᠤᠢ ᠶᠢᠨ ᠰᠠᠭᠤᠰᠢᠷᠠᠬᠤ ᠳᠤ ᠲᠣᠬᠢᠷᠠᠮᠵᠢᠲᠠᠢ ᠬᠥᠳᠡᠭᠡ ᠲᠤᠰᠬᠤᠨ ᠢ ᠪᠦᠲᠦᠭᠡᠨ  ᠪᠠᠶᠢᠭᠤᠯᠪᠠ
ᠨᠡᠶᠢᠲᠡᠯᠡᠭᠰᠡᠨ ᠴᠠᠭ᠄
2024/10/8
    ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠢ ᠰᠠᠶᠢᠲᠤᠷ ᠬᠢᠪᠡ ᠃ ᠵᠢᠯ ᠤᠨ ᠡᠬᠢᠨ ᠠᠴᠠ ᠨᠠᠰᠢ᠂ 3600 ᠮᠥ ᠡᠯᠡᠰᠦᠷᠬᠡᠭ ᠭᠠᠵᠠᠷ ᠢ ᠵᠠᠰᠠᠵᠤ ᠣᠶᠢᠵᠢᠭᠤᠯᠬᠤ᠂ 3 ᠠᠶᠢᠯ ᠲᠣᠰᠬᠤᠨ ᠢ ᠨᠣᠭᠤᠭᠠᠷᠠᠭᠤᠯᠬᠤ ᠢᠨᠵᠧᠨᠧᠷᠢᠩ ᠢ ᠪᠡᠶᠡᠯᠡᠭᠦᠯᠪᠡ︔ ᠲᠥᠷᠥᠯ ᠵᠦᠢᠯ ᠤᠨ ᠣᠷᠣᠨ ᠳᠤ 72000 ᠮᠦ ᠨᠥᠬᠦᠵᠦ ᠳᠠᠷᠢᠵᠤ ᠨᠥᠬᠦᠵᠦ ᠣᠶᠢᠵᠢᠭᠤᠯᠵᠤ᠂ ᠮᠣᠳᠣ ᠣᠭᠲᠣᠯᠤᠭᠰᠠᠨ ᠭᠠᠵᠠᠷ ᠢ 4500 ᠮᠦ ᠰᠢᠨᠡᠳᠬᠡᠪᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠥᠬᠦ ᠪᠠᠯᠭᠠᠰᠤᠨ ᠤ ᠬᠡᠪᠴᠢᠶᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠪᠠ ᠣᠶᠢᠲᠤ ᠭᠠᠵᠠᠷ ᠢ ᠰᠦᠢᠳᠬᠡᠭᠰᠡᠨ ᠣᠶ ᠶᠢᠨ ᠬᠤᠭᠤᠷᠣᠨᠳᠣ ᠳᠠᠷᠢᠬᠤ ᠠᠵᠢᠯᠯᠠᠭ᠎ᠠ ᠭᠠᠷᠤᠭᠰᠠᠨ ᠥᠬᠡᠶ᠃    ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ︽ᠨᠠᠮ ᠤᠨ ᠭᠡᠰᠢᠭᠦᠨ ᠺᠠᠳ᠋ᠷ᠂ ᠴᠡᠪᠡᠷᠯᠡᠭᠴᠢ᠂ ᠮᠠᠯᠴᠢᠨ ᠲᠠᠷᠢᠶᠠᠴᠢᠨ︾ ᠭᠡᠬᠦ ᠭᠤᠷᠪᠠᠨ ᠡᠩᠨᠡᠭᠡ ᠶᠢ ᠰᠠᠶᠢᠲᠤᠷ ᠬᠡᠷᠡᠭᠯᠡᠵᠦ᠂ ︽ᠵᠠᠮ ᠳᠠᠭᠠᠤ᠂ ᠭᠡᠷ ᠤᠨ ᠠᠷᠤ ᠥᠪᠥᠷ᠂ ᠭᠡᠷ ᠪᠦᠯᠢ ᠶᠢᠨ ᠬᠦᠷᠢᠶ᠎ᠡ ᠬᠠᠰᠢᠶ᠎ᠠ︾ ᠭᠡᠬᠦ ᠭᠤᠷᠪᠠᠨ ᠣᠷᠣᠨ ᠪᠦᠰᠡ ᠶᠢᠨ ᠲᠣᠭᠤᠷᠢᠨ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ 10 ᠭᠠᠷᠤᠢ ᠤᠳᠠᠭ᠎ᠠ ᠥᠷᠨᠢᠭᠦᠯᠵᠦ᠂ ᠡᠮᠡᠭᠲᠡᠶᠢᠴᠦᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠵᠦ᠂ ᠦᠵᠡᠰᠬᠦᠯᠡᠩᠲᠦ ᠰᠠᠶᠢᠬᠠᠨ  ᠬᠦᠷᠢᠶ᠎ᠡ         ᠬᠠᠰᠢᠶ᠎ᠠ ᠶᠢ    34 ᠰᠢᠯᠠᠭᠠᠷᠠᠭᠤᠯᠪᠠ ᠃   ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠪᠠ᠃ ᠣᠶ ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ 6 ᠲᠣᠭᠤᠷᠢᠨ ᠪᠠᠶᠢᠴᠠᠭᠠᠬᠤ ᠠᠩᠭᠢ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠨ ᠮᠠᠯᠵᠢᠬᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠪᠠ ᠃ ᠬᠠᠤᠯᠢ ᠠᠴᠠ ᠵᠥᠷᠢᠴᠡᠨ ᠮᠠᠯ ᠮᠠᠯᠵᠢᠭᠰᠠᠨ 53 ᠬᠡᠷᠡᠭ ᠢ ᠬᠡᠷᠡᠭ ᠪᠣᠯᠭᠠᠨ ᠳᠠᠩᠰᠠᠯᠠᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ 3 ᠬᠡᠷᠡᠭ ᠢ ᠰᠢᠢᠳᠪᠦᠷᠢᠯᠡᠵᠦ᠂ ᠬᠠᠤᠯᠢ ᠪᠤᠰᠤ ᠪᠠᠷ ᠭᠠᠵᠠᠷ ᠰᠢᠷᠣᠢ ᠠᠪᠤᠭᠰᠠᠨ 1 ᠬᠡᠷᠡᠭ᠂ ᠬᠠᠤᠯᠢ ᠶᠢ ᠵᠥᠷᠢᠴᠡᠨ ᠪᠠᠷᠢᠯᠭ᠎ᠠ ᠪᠠᠷᠢᠭᠰᠠᠨ 4 ᠬᠡᠷᠡᠭ ᠢ ᠬᠡᠷᠡᠭ ᠪᠣᠯᠭᠠᠨ ᠳᠠᠩᠰᠠᠯᠠᠪᠠ᠃
坚决打好沙地歼灭战.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号