ᠵᠢᠯᠣᠭᠤᠴᠢ ᠦᠭᠡᠢ ᠨᠢᠰᠬᠡᠯ ᠮᠦ ᠪᠦᠷᠢ ᠠᠴᠠ ︽ᠲᠣᠨ ᠠᠮᠤ︾ ᠶᠢᠨ ᠡᠯᠪᠡᠭ ᠬᠤᠷᠢᠶᠠᠯᠲᠠ ᠤᠯᠬᠤ ᠬᠦᠰᠡᠯ ᠢ ᠪᠡᠶᠡᠯᠡᠬᠦᠯᠦᠯ᠎ᠡ
ᠨᠡᠶᠢᠲᠡᠯᠡᠭᠰᠡᠨ ᠴᠠᠭ᠄
2024/10/8
   ᠠᠯᠲᠠᠨ ᠨᠠᠮᠤᠷ ᠤᠨ ᠠᠷᠪᠠᠨ ᠰᠠᠷ᠎ᠠ ᠳᠤ᠂ ᠬᠥᠳᠡᠭᠡ ᠲᠣᠰᠬᠤᠨ ᠤ ᠥᠷᠭᠡᠨ ᠠᠭᠤᠳᠠᠮ ᠬᠥᠳᠡᠭᠡ ᠲᠣᠰᠬᠤᠨ ᠤ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ᠂ ᠡᠨᠡᠬᠦ ᠬᠤᠷᠢᠶᠠᠯᠲᠠ ᠶᠢᠨ ᠤᠯᠠᠷᠢᠯ ᠳᠤ ᠰᠢᠨ᠎ᠡ ᠪᠠᠷ ᠮᠠᠨᠳᠤᠭᠰᠠᠨ ᠰᠢᠨᠵᠢᠯᠡᠬᠦ ᠤᠬᠠᠭᠠᠨ ᠮᠡᠷᠭᠡᠵᠢᠯ - ᠬᠥᠮᠦᠨ ᠦᠭᠡᠢ ᠠᠵᠠ ᠲᠣᠬᠢᠶᠠᠯ ᠪᠤᠯᠵᠤ᠂ ᠲᠠᠷᠢᠶᠠᠴᠢᠳ ᠤᠨ ᠶᠠᠷᠢᠯᠴᠠᠬᠤ ᠲᠥᠪᠯᠡᠷᠡᠯ ᠤᠨ ᠴᠡᠭ ᠪᠤᠯᠵᠤ᠂ ᠲᠡᠷᠡ ᠨᠢ ᠡᠨᠡ ᠵᠢᠯ ᠤᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠥᠨᠳᠥᠷ ᠪᠦᠲᠦᠮᠵᠢᠲᠡᠢ ᠡᠯᠪᠡᠭ ᠬᠤᠷᠢᠶᠠᠯᠲᠠ ᠳᠤ ᠬᠦᠴᠦ ᠬᠥᠯᠥᠰᠦᠨ ᠤ ᠭᠠᠪᠢᠶ᠎ᠠ ᠪᠠᠶᠢᠭᠤᠯᠵᠤ ᠥᠭᠴᠡᠢ᠃
  无人机助力实现亩产“吨粮”大丰收01.jpg
      ᠵᠢᠯᠣᠭᠤᠴᠢ ᠦᠭᠡᠢ ᠨᠢᠰᠬᠡᠯ ᠲᠠᠷᠢᠶᠠᠨ ᠡᠮ ᠰᠦᠷᠴᠢᠵᠦ ᠪᠠᠶᠢᠨ᠎ᠠ      ᠨᠤᠭᠤᠰᠤᠳᠠᠢ ᠪᠠᠯᠭᠠᠰᠤᠨ ᠤ ᠪᠠᠶᠠᠨᠳᠤᠬᠤᠢ ᠭᠠᠴᠠᠭᠠᠨ ᠤ ᠠᠷᠠᠳ ᠤᠯᠠᠨ ᠤ ᠭᠤᠣᠯ ᠣᠷᠣᠯᠭ᠎ᠠ ᠶᠢᠨ ᠢᠷᠡᠯᠲᠡ ᠪᠣᠯ ᠡᠷᠳᠡᠨᠢ ᠰᠢᠰᠢ ᠳᠠᠷᠢᠵᠤ᠂ ᠪᠦᠬᠦ ᠲᠣᠰᠬᠤᠨ ᠤ ᠡᠷᠳᠡᠨᠢ ᠰᠢᠰᠢ ᠳᠠᠷᠢᠬᠤ ᠳᠤ ᠬᠡᠷᠡᠭᠯᠡᠬᠦ ᠭᠠᠵᠠᠷ 9500 ᠮᠦ ᠪᠠᠶᠢᠵᠤ᠂ 2017 ᠣᠨ ᠠᠴᠠ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠮᠡᠷᠭᠡᠵᠢᠯ ᠢ ᠳᠡᠯᠭᠡᠷᠡᠭᠦᠯᠵᠦ᠂ 2023 ᠤᠨ ᠪᠣᠯᠬᠤ ᠳᠤ ᠪᠦᠬᠦ ᠲᠣᠰᠬᠤᠨ ᠢ 100% ᠪᠠᠷ ᠪᠦᠬᠦ ᠲᠠᠯ᠎ᠠ ᠪᠠᠷ ᠪᠦᠷᠬᠦᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠴᠠᠭ ᠦᠶ᠎ᠡ ᠳᠤ ᠤᠷᠢᠳ ᠢᠶᠠᠷ ᠣᠷᠣᠪᠠ᠃ ᠡᠨᠡ ᠵᠢᠯ᠂ ᠪᠠᠶᠠᠨᠲᠤᠬᠤᠢ ᠭᠠᠴᠠᠭᠠᠨ ᠤ ᠨᠠᠮ ᠤᠨ ᠡᠭᠦᠷ ᠤᠨ ᠱᠦᠵᠢ ᠬᠠᠨ ᠢᠦᠢ ᠵᠦ ᠤᠨᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠦᠬᠦ ᠲᠣᠰᠬᠤᠨ ᠢ ᠳᠠᠭᠠᠭᠤᠯᠤᠨ ᠮᠦ ᠪᠦᠷᠢ ᠶᠢᠨ ᠤᠨᠠᠯᠲᠠ ᠨᠢ ︽ᠲᠣᠨ ᠠᠮᠤ︾ ᠶᠢᠨ ᠣᠷᠣᠯᠭ᠎ᠠ ᠳᠤ ᠬᠦᠷᠴᠦ᠂ ᠤᠨᠠᠯᠲᠠ ᠶᠢ ᠨᠥᠯᠥᠭᠡᠯᠡᠬᠦ ᠴᠢᠬᠤᠯᠠ ᠬᠦᠴᠦᠨ ᠵᠦᠢᠯ ᠤᠨ ᠲᠡᠮᠦᠷᠯᠢᠭ ᠬᠠᠶᠢᠯᠤᠭᠤᠯᠬᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠠᠰᠠᠭᠤᠳᠠᠯ ᠢ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠦᠨᠳᠦᠰᠦᠨ ᠠᠴᠠ ᠨᠢ ᠰᠢᠢᠳᠪᠦᠷᠢᠯᠡᠬᠦ ᠳᠤ ᠬᠤᠶᠠᠷ ᠵᠢᠯᠣᠭᠤᠴᠢ ᠦᠭᠡᠢ ᠨᠢᠰᠬᠡᠯ ᠬᠤᠳᠠᠯᠳᠤᠨ ᠠᠪᠤᠭᠰᠠᠨ ᠪᠥᠭᠡᠳ ᠲᠤᠰᠬᠠᠢ ᠬᠥᠮᠦᠨ ᠢ ᠵᠣᠬᠢᠶᠠᠨ ᠪᠠᠶᠢᠭᠤᠯᠵᠤ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠭᠤᠯᠪᠠ᠃ ᠡᠷᠳᠡᠨᠢ ᠰᠢᠰᠢ ᠶᠢᠨ ᠤᠷᠭᠤᠯᠲᠠ ᠶᠢᠨ ᠬᠤᠭᠤᠴᠠᠭᠠᠨ ᠳᠤ᠂ ᠵᠢᠯᠣᠭᠤᠴᠢ ᠥᠬᠡᠶ ᠨᠢᠰᠬᠡᠯ ᠢ ᠠᠰᠢᠭᠯᠠᠨ ᠤᠷᠭᠤᠮᠠᠯ ᠤᠨ ᠬᠠᠮᠠᠭᠠᠯᠠᠯᠲᠠ ᠪᠠ ᠲᠠᠷᠢᠶᠠᠨ ᠭᠠᠵᠠᠷ ᠤᠨ ᠬᠢᠨᠠᠨ ᠬᠡᠮᠵᠢᠯᠲᠡ ᠶᠢ ᠣᠯᠠᠨ ᠤᠳᠠᠭ᠎ᠠ ᠬᠢᠵᠦ᠂ ᠡᠯ᠎ᠡ ᠵᠦᠶ᠋ᠯ ᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠭᠰᠡᠨ ᠪᠥᠭᠡᠳ ᠰᠢᠶ᠋ᠳᠪᠦᠷᠢᠯᠡᠵᠦ᠂ ᠪᠥᠬᠦ ᠲᠣᠰᠬᠤᠨ ᠳᠤ ᠲᠠᠷᠢᠶᠠᠨ ᠡᠮ ᠰᠦᠷᠴᠢᠬᠦ ᠵᠠᠷᠤᠳᠠᠯ ᠢ ᠨᠡᠶᠢᠲᠡ 20 ᠭᠠᠷᠤᠶ ᠲᠦᠮᠡᠨ ᠲᠥᠭᠦᠷᠢᠭ ᠠᠷᠪᠢᠯᠠᠪᠠ᠂ ᠳᠠᠷᠤᠶ ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠭᠰᠠᠨ ᠪᠥᠭᠡᠳ ᠡᠷᠳᠡᠨᠢ ᠰᠢᠰᠢ ᠶᠢᠨ ᠤᠨᠠᠯᠲᠠ ᠶᠢ ᠳᠡᠭᠡᠭᠰᠢᠯᠡᠭᠦᠯᠵᠡᠶ᠃
  无人机助力实现亩产“吨粮”大丰收02.jpg
      ᠠᠯᠲᠠᠨ ᠨᠠᠮᠤᠷ ᠡᠷᠳᠡᠨᠢ ᠰᠢᠰᠢ ᠶᠢ ᠬᠠᠳᠤᠵᠤ ᠬᠤᠷᠢᠶᠠᠬᠤ ᠲᠤᠬᠠᠢ ᠶᠢᠨ ᠲᠠᠯᠠᠪᠠᠢ         ᠨᠤᠭᠤᠰᠤᠳᠠᠢ ᠪᠠᠯᠭᠠᠰᠤᠨ ᠤ ᠪᠠᠶᠠᠨ ᠲᠤᠬᠤᠢ ᠭᠠᠴᠠᠬᠠᠨ ᠤ ᠨᠠᠮ ᠤᠨ ᠡᠭᠦᠷ ᠤᠨ ᠱᠦ᠋ᠵᠢ ᠬᠠᠨ ᠢᠦᠢ ᠵᠦ ᠬᠡᠯᠡᠭᠰᠡᠨ ᠨᠢ᠄    ᠥᠩᠭᠡᠷᠡᠭᠰᠡᠨ ᠳᠤ ᠴᠥᠮ ᠬᠥᠮᠦᠨ ᠤ ᠬᠦᠴᠦ ᠪᠠᠷ ᠲᠠᠷᠢᠶᠠᠨ ᠡᠮ ᠰᠦᠷᠴᠢᠵᠦ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠵᠤ ᠪᠠᠶᠢᠵᠠᠢ᠂ ᠲᠠᠷᠢᠶ᠎ᠠ ᠠᠷᠪᠢᠨ ᠡᠷᠦᠬᠡ ᠶᠢᠨ ᠬᠥᠮᠦᠨ ᠬᠥᠯᠥᠰᠥᠯᠡᠬᠦ ᠥᠪᠡᠷ ᠤᠨ ᠥᠷᠲᠡᠭ ᠮᠠᠰᠢ ᠥᠨᠳᠥᠷ ᠪᠠᠶᠢᠵᠤ᠂ ᠣᠷᠣᠯᠭ᠎ᠠ ᠨᠢ ᠪᠠᠰᠠ ᠬᠠᠰᠤᠭᠳᠠᠪᠠ᠃ ᠵᠠᠷᠢᠮ ᠲᠠᠷᠢᠶᠠᠴᠢᠨ ᠡᠷᠦᠬᠡ ᠵᠣᠭᠤᠰ ᠠᠷᠪᠢᠯᠠᠬᠤ ᠶᠢᠨ ᠲᠥᠯᠥᠭᠡ ᠲᠠᠷᠢᠶᠠᠨ ᠡᠮ ᠰᠦᠷᠴᠢᠬᠦ ᠤᠳᠠᠭ᠎ᠠ ᠪᠠᠨ ᠪᠠᠭᠠᠰᠬᠠᠭᠰᠠᠨ ᠠᠴᠠ ᠡᠪᠡᠳᠴᠢᠨ ᠬᠤᠷᠣᠬᠠᠶ ᠶᠢᠨ ᠬᠥᠨᠥᠭᠡᠯ ᠢ ᠲᠤᠶᠢᠯᠪᠤᠷᠢᠳᠡᠢ ᠰᠡᠷᠬᠡᠶᠢᠯᠡᠵᠦ ᠲᠡᠶᠢᠯᠬᠦ ᠦᠭᠡᠢ ᠤᠨᠠᠯᠲᠠ ᠶᠢ ᠨᠦᠯᠦᠭᠡᠯᠡᠵᠦ ᠪᠠᠶᠢᠪᠠ᠃ ᠡᠨᠡᠬᠦ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠲᠣᠰᠬᠤᠨ ᠤ ᠬᠤᠶᠠᠷ ᠵᠥᠪᠯᠡᠯ ᠤᠨ ᠬᠤᠷᠠᠯ ᠳᠡᠭᠡᠷ᠎ᠡ ᠰᠤᠳᠤᠯᠤᠨ ᠲᠤᠭᠳᠠᠭᠠᠬᠤ ᠪᠠᠷ ᠲᠠᠮᠵᠢᠨ᠂ ᠵᠢᠯᠣᠭᠤᠴᠢ ᠦᠭᠡᠢ ᠬᠤᠶᠠᠷ ᠨᠢᠰᠬᠡᠯ ᠬᠤᠳᠠᠯᠳᠤᠨ ᠠᠪᠴᠤ ᠪᠦᠬᠦ ᠲᠣᠰᠬᠤᠨ ᠤ ᠲᠠᠷᠢᠶᠠᠴᠢᠨ ᠡᠷᠦᠬᠡ ᠳᠤ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠬᠠᠩᠭᠠᠪᠠ᠃ ᠵᠢᠯᠣᠭᠤᠴᠢ ᠥᠬᠡᠶ ᠨᠢᠰᠬᠡᠯ ᠨᠢ ᠲᠠᠷᠢᠶᠠᠨ ᠡᠮ ᠢ ᠤᠷᠢᠳᠴᠢᠯᠠᠨ ᠲᠦᠯᠦᠪᠯᠡᠭᠰᠡᠨ ᠵᠠᠮ ᠱᠤᠭᠤᠮ ᠶᠤᠰᠤᠭᠠᠷ ᠨᠠᠷᠢᠯᠢᠭ ᠣᠨᠣᠴᠠᠲᠠᠶ ᠵᠢᠭᠳᠡ ᠰᠦᠷᠴᠢᠬᠦ ᠪᠠᠷ ᠪᠠᠷᠠᠬᠤ ᠥᠬᠡᠶ ᠪᠠᠰᠠ ᠬᠤᠷᠳᠤᠴᠠ ᠮᠠᠰᠢ ᠲᠦᠷᠭᠡᠨ ᠪᠠᠶᠢᠨ᠎ᠠ ᠃ ᠨᠢᠭᠡ ᠵᠢᠯᠣᠭᠤᠴᠢ ᠥᠬᠡᠶ ᠨᠢᠰᠬᠡᠯ ᠡᠳᠦᠷ ᠲᠤ 1200 ᠮᠥ ᠠᠴᠠ 1500 ᠮᠥ ᠲᠠᠷᠢᠶᠠᠨ ᠭᠠᠵᠠᠷ ᠲᠤ ᠡᠮ ᠰᠦᠷᠴᠢᠬᠦ ᠪᠣᠯᠤᠨ᠎ᠠ᠂ ᠡᠨᠡ ᠨᠢ ᠬᠡᠳᠦᠨ ᠠᠷᠪᠠᠨ ᠬᠥᠮᠦᠨ ᠤ ᠠᠵᠢᠯ ᠤᠨ ᠬᠡᠮᠵᠢᠶ᠎ᠡ ᠲᠠᠢ ᠲᠡᠩᠴᠡᠨ᠎ᠡ᠃ ᠣᠳᠣᠬᠠᠨ ᠤ ᠪᠠᠶᠢᠳᠠᠯ ᠠᠴᠠ ᠦᠵᠡᠪᠡᠯ᠂ ᠮᠦ ᠪᠦᠷᠢ ᠶᠢᠨ ᠤᠨᠠᠯᠲᠠ ᠠᠳᠠᠯᠢ ᠬᠤᠭᠤᠴᠠᠭᠠᠨ ᠤ ᠬᠢ ᠠᠴᠠ 300 — 400 ᠵᠢᠩ ᠳᠡᠭᠡᠭᠰᠢᠯᠡᠵᠦ᠂ ᠪᠦᠬᠦ ᠲᠣᠰᠬᠤᠨ ᠤ ᠲᠠᠷᠢᠶᠠᠨ ᠤ ᠤᠨᠠᠯᠳᠠ ᠨᠡᠶᠢᠲᠡ 475 ᠲᠦᠮᠡᠨ ᠵᠢᠩ ᠳᠡᠭᠡᠭᠰᠢᠯᠡᠵᠦ᠂ ᠠᠳᠠᠯᠢ ᠬᠤᠭᠤᠴᠠᠭᠠᠨ ‍ᠤ‌‍ᠬᠢ ᠠᠴᠠ 25% ᠪᠠᠷ ᠨᠡᠮᠡᠭᠳᠡᠵᠦ᠂ ᠪᠢᠳᠡᠨ ᠤ ᠵᠢᠱᠢᠭᠰᠡᠨ ᠦᠷ᠎ᠡ ᠪᠦᠲᠦᠮᠵᠢ ᠳᠤ ᠬᠦᠷᠪᠡ ᠭᠡᠵᠡᠢ᠃
  无人机助力实现亩产“吨粮”大丰收03.jpg
    ᠵᠢᠯᠣᠭᠤᠴᠢ ᠥᠬᠡᠶ ᠨᠢᠰᠬᠡᠯ ᠤᠨ ᠲᠠᠷᠢᠶᠠᠯᠠᠩ ᠤᠨ ᠬᠦᠷᠢᠶᠡᠨ ᠳᠠᠬᠢ ᠬᠡᠷᠡᠭᠯᠡᠯᠲᠡ ᠨᠢ ᠡᠩ ᠲᠡᠷᠢᠭᠦᠨ ᠳᠤ ᠤᠷᠭᠤᠮᠠᠯ ᠤᠨ ᠬᠠᠮᠠᠭᠠᠯᠠᠯᠲᠠ ᠶᠢᠨ ᠲᠠᠯ᠎ᠠ ᠪᠠᠷ ᠢᠯᠡᠷᠡᠵᠦ ᠪᠠᠶᠢᠨ᠎ᠠ᠃ ᠥᠩᠭᠡᠷᠡᠭᠰᠡᠨ ᠳᠤ᠂ ᠲᠠᠷᠢᠶᠠᠴᠢᠳ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠤ ᠭᠤᠤᠯᠳᠠᠭᠤ ᠬᠥᠮᠦᠨ ᠤ ᠬᠦᠴᠦ ᠪᠠᠷ ᠲᠠᠷᠢᠶᠠᠨ ᠡᠮ ᠰᠦᠷᠴᠢᠬᠦ ᠳᠤ ᠲᠦᠰᠢᠭᠯᠡᠵᠦ᠂ ᠬᠥᠳᠡᠯᠮᠦᠷᠢ ᠶᠢᠨ ᠡᠷᠴᠢᠮ ᠶᠡᠭᠡ ᠮᠥᠷᠲᠡᠭᠡᠨ ᠦᠷ᠎ᠡ ᠪᠦᠲᠦᠮᠵᠢ ᠳᠣᠤᠷ᠎ᠠ᠂ ᠪᠠᠰᠠ ᠠᠮᠠᠷᠬᠠᠨ ᠭᠤᠭᠤᠵᠢᠬᠤ᠂ ᠬᠡᠳᠦ ᠠᠷᠪᠢᠨ ᠰᠦᠷᠴᠢᠬᠦ ᠵᠡᠷᠭᠡ ᠠᠰᠠᠭᠤᠳᠠᠯ ᠠᠮᠠᠷᠬᠠᠨ ᠭᠠᠷᠴᠤ ᠪᠠᠶᠢᠪᠠ᠃ ᠤᠷᠭᠤᠮᠠᠯ ᠢ ᠬᠠᠮᠠᠭᠠᠯᠠᠬᠤ ᠠᠴᠠ ᠭᠠᠳᠠᠨ᠎ᠠ᠂ ᠵᠢᠯᠣᠭᠤᠴᠢ ᠥᠬᠡᠶ ᠨᠢᠰᠬᠡᠯ ᠲᠠᠷᠢᠶᠠᠨ ᠭᠠᠵᠠᠷ ᠢ ᠬᠢᠨᠠᠨ ᠬᠡᠮᠵᠢᠬᠦ ᠲᠠᠯ᠎ᠠ ᠪᠠᠷ ᠪᠠᠰᠠ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠥᠨᠳᠥᠷ ᠲᠣᠳᠣ ᠳᠦᠷᠰᠦ ᠰᠢᠩᠭᠡᠭᠡᠬᠦ ᠮᠠᠰᠢᠨ ᠪᠠ ᠰᠡᠷᠡᠯ ᠳᠠᠮᠵᠢᠭᠤᠯᠤᠭᠤᠷ ᠢ ᠠᠴᠢᠶᠠᠯᠠᠬᠤ ᠪᠠᠷ ᠳᠠᠮᠵᠢᠭᠤᠯᠤᠨ᠂ ᠵᠢᠯᠣᠭᠤᠴᠢ ᠥᠬᠡᠶ ᠨᠢᠰᠬᠡᠯ ᠲᠠᠷᠢᠶᠠᠨ ᠭᠠᠵᠠᠷ ᠲᠤ ᠪᠥᠬᠦ ᠲᠠᠯ᠎ᠠ ᠶᠢᠨ ᠬᠢᠨᠠᠨ ᠬᠡᠮᠵᠢᠯᠲᠡ ᠬᠢᠵᠦ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠡᠪᠡᠳᠴᠢᠨ ᠬᠤᠷᠣᠬᠠᠶ ᠶᠢᠨ ᠬᠥᠨᠥᠭᠡᠯ ᠤᠨ ᠪᠠᠶᠢᠳᠠᠯ ᠵᠢᠴᠢ ᠬᠥᠷᠥᠰᠥᠨ ᠤ ᠴᠢᠭᠢᠭ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠵᠤ ᠮᠡᠳᠡᠵᠦ ᠪᠣᠯᠤᠨ᠎ᠠ᠃ ᠲᠠᠷᠢᠶᠠᠴᠢᠳ ᠵᠢᠯᠣᠭᠤᠴᠢ ᠦᠭᠡᠶ ᠨᠢᠰᠬᠡᠯ ᠤᠨ ᠳᠠᠮᠵᠢᠭᠤᠯᠤᠭᠰᠠᠨ ᠮᠡᠳᠡᠭᠡ ᠵᠠᠩᠭᠢ ᠶᠢ ᠦᠨᠳᠦᠰᠦᠯᠡᠨ᠂ ᠴᠠᠭ ᠲᠤᠬᠠᠶ ᠳᠤᠨᠢ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠬᠢᠵᠦ᠂ ᠡᠭᠦᠨ ᠤ ᠤᠯᠠᠮ ᠠᠴᠠ ᠡᠪᠡᠳᠴᠢᠨ ᠬᠤᠷᠣᠬᠠᠶ ᠶᠢᠨ ᠬᠥᠨᠥᠭᠡᠯ ᠢ ᠪᠦᠲᠦᠮᠵᠢᠲᠡᠶ ᠰᠡᠷᠭᠡᠶᠢᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ ᠤᠨᠠᠯᠳᠠ ᠪᠠᠨ ᠳᠡᠭᠡᠭᠰᠢᠯᠡᠭᠦᠯᠵᠦ ᠪᠣᠯᠤᠨ᠎ᠠ᠃
  无人机助力实现亩产“吨粮”大丰收04.jpg  
    ᠪᠠᠢ ᠯᠢ ᠪᠣᠯ ᠪᠠᠶᠠᠨᠲᠤᠬᠤᠢ ᠭᠠᠴᠠᠭᠠᠨ ᠤ ᠲᠠᠷᠢᠶᠠᠯᠠᠩ ᠤᠨ ᠲᠠᠷᠢᠮᠠᠯ ᠤᠨ ᠲᠤᠮᠤ ᠡᠷᠦᠬᠡ ᠪᠣᠯᠤᠨ᠎ᠠ᠂ ᠲᠡᠳᠡᠨ ᠤ ᠭᠡᠷ ᠤᠨ ᠡᠷᠳᠡᠨᠢ ᠰᠢᠰᠢ ᠶᠢᠨ ᠡᠨᠡ ᠵᠢᠯ ᠤᠨ ᠤᠷᠭᠤᠴᠠ ᠮᠠᠰᠢ ᠰᠠᠶᠢᠨ᠃ ᠲᠡᠷᠡ ᠬᠡᠯᠡᠭᠰᠡᠨ ᠨᠢ᠄ ᠮᠠᠨ ᠤ ᠰᠠᠶᠢᠨ ᠱᠦᠵᠢ ᠳᠤ ᠮᠠᠰᠢ ᠲᠠᠯᠠᠷᠬᠠᠵᠤ ᠪᠠᠶᠢᠨ᠎ᠠ᠂ ᠨᠢᠭᠡ ᠰᠡᠳᠬᠢᠯ ᠢᠶᠠᠷ ᠠᠷᠠᠳ ᠣᠯᠠᠨ ᠤ ᠰᠠᠶᠢᠨ ᠲᠥᠯᠥᠭᠡ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠠᠷᠢᠶᠠᠯᠠᠩ ᠤᠨ ᠲᠠᠯ᠎ᠠ ᠳᠤ ᠬᠡᠷᠡᠭᠯᠡᠵᠦ᠂ ᠣᠯᠠᠨ ᠳᠤ ᠵᠢᠯᠤᠭᠤᠴᠢ ᠥᠬᠡᠶ ᠨᠢᠰᠭᠡᠯ ᠠᠪᠴᠤ ᠦᠭᠭᠦᠭᠰᠡᠨ ᠠᠴᠠ ᠦᠨᠡᠬᠡᠷ ᠮᠠᠰᠢ ᠲᠥᠬᠦᠮ ᠪᠣᠯᠵᠠᠶ᠂ ᠥᠪᠡᠷ ᠤᠨ ᠥᠷᠲᠡᠭ ᠢ ᠠᠷᠪᠢᠯᠠᠭᠰᠠᠨ ᠢᠶᠠᠷ ᠪᠠᠷᠠᠬᠤ ᠥᠬᠡᠶ᠂ ᠦᠷ᠎ᠡ ᠪᠦᠲᠦᠮᠵᠢ ᠶᠢ ᠴᠤ ᠳᠡᠭᠡᠭᠰᠢᠯᠡᠭᠦᠯᠪᠡ᠂ ᠡᠨᠡ ᠵᠢᠯ 70 ᠮᠥ ᠡᠷᠳᠡᠨᠢ ᠰᠢᠰᠢ ᠳᠠᠷᠢᠵᠤ᠂ ᠤᠨᠠᠯᠳᠠ ᠨᠢ ᠨᠢᠳᠤᠨᠤᠨ ᠤ ᠬᠢ ᠠᠴᠠ ᠳᠡᠭᠡᠭᠰᠢᠯᠡᠵᠦ᠂ ᠣᠷᠣᠯᠭ᠎ᠠ ᠨᠡᠮᠡᠭᠳᠡᠪᠡ᠂ ᠪᠥᠬᠦ ᠬᠡᠷ ᠤᠨ ᠬᠥᠮᠦᠰ ᠴᠥᠮ ᠮᠠᠰᠢ  ᠪᠠᠶᠠᠷᠯᠠᠵᠤ ᠪᠠᠶᠢᠨ᠎ᠠ ᠭᠡᠵᠡᠢ᠃
 无人机助力实现亩产“吨粮”大丰收05.jpg
      ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠵᠠᠮ ᠳᠡᠭᠡᠷ᠎ᠡ᠂ ᠪᠠᠶᠠᠨᠲᠤᠬᠤᠢ ᠭᠠᠴᠠᠭᠠᠨ ᠤ ᠨᠠᠮ ᠤᠨ ᠡᠭᠦᠷ ᠤᠨ ᠤᠳᠤᠷᠢᠳᠬᠤ ᠺᠠᠳ᠋ᠷᠴᠤᠳ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠪᠦᠬᠦ ᠲᠣᠰᠬᠤᠨ ᠤ ᠠᠷᠠᠳ ᠲᠦᠮᠡᠨ ᠢ ᠳᠠᠭᠠᠭᠤᠯᠤᠨ ᠴᠠᠭ ᠦᠶ᠎ᠡ ᠶᠢᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ  ᠲᠤᠩ ᠶᠡᠭᠡ ᠬᠤᠪᠢᠷᠠᠯᠲᠠ ᠲᠠᠢ ᠪᠣᠯᠭᠠᠪᠠ ᠃ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠦᠷᠭᠦᠯᠵᠢᠯᠡᠵᠦ᠂ ᠲᠠᠷᠢᠶᠠᠴᠢᠳ ᠤᠨ ᠠᠮᠢᠳᠤᠷᠠᠯ ᠴᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠳᠣᠣᠷ᠎ᠠ ᠤᠯᠠᠮ ᠠᠴᠠ ᠤᠯᠠᠮ ᠰᠠᠶᠢᠵᠢᠷᠠᠵᠤ᠂ ᠤᠳᠠᠯ ᠦᠭᠡᠢ ᠢᠷᠡᠭᠡᠳᠦᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠷᠠᠯᠲᠠ ᠦᠭᠡᠢ ᠳᠠᠪᠰᠢᠯᠲᠠ ᠪᠠ ᠳᠡᠯᠭᠡᠷᠡᠬᠦ ᠶᠢ ᠳᠠᠭᠠᠯᠳᠤᠨ᠂ ᠨᠡᠩ ᠤᠯᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠵᠦ᠂ ᠲᠠᠷᠢᠶᠠᠴᠢᠳ ᠲᠤ ᠨᠡᠩ ᠤᠯᠠᠨ ᠪᠠᠶᠠᠷ ᠪᠠᠭ᠋ᠠᠳᠤᠯ ᠢ ᠠᠪᠴᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号