ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠠᠮᠢ | ᠠᠬᠤᠢ ᠶᠢᠨ ᠵᠢᠭᠤᠯᠴᠢᠯᠠᠯ ᠪᠠ ᠬᠤᠪᠢᠰᠬᠠᠯ ᠤᠨ ᠰᠣᠶᠣᠯ ᠢᠶᠠᠷ ᠭᠤᠣᠯ ᠰᠢᠵᠢᠮ ᠪᠣᠯᠭᠠᠵᠤ᠂ ᠪᠠᠶᠢᠭᠠᠯᠢ ᠶᠢᠨ ᠥᠩᠭᠡ | ᠦᠵᠡᠮᠵᠢ ᠪᠠ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠥᠪᠡᠷᠮᠢᠴᠡ ᠥᠩᠭᠡ ᠦᠵᠡᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠤᠰ ᠤᠨ ᠪᠠᠶᠠᠷ ᠤᠨ | ᠬᠤᠭᠤᠴᠠᠭᠠᠨ ᠳᠤ ︵10 ᠰᠠᠷ᠎ᠠ ᠶᠢᠨ 1 ᠤ ᠡᠳᠦᠷ ᠠᠴᠠ 7 ᠤ ᠡᠳᠦᠷ ᠪᠤᠯᠳᠠᠯ᠎ᠠ︶ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ︵ᠴᠦᠩᠬᠦᠯ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠰᠤᠭᠤ ᠶᠢᠨ ᠪᠤᠯᠠᠭ ᠤᠨ ᠡᠯᠡᠰᠦᠨ ᠴᠥᠯ ᠤᠨ ᠦᠵᠡᠮᠵᠢᠲᠦ | ᠵᠢᠭᠤᠯᠴᠢᠯᠠᠯ ᠤᠨ ᠣᠷᠣᠨ︶ ᠨᠡᠶᠢᠲᠡ 1.82 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 3.18% ᠨᠡᠮᠡᠭᠳᠡᠪᠡ᠃ ᠡᠭᠦᠨ ᠳᠤ᠂ ᠴᠦᠩᠬᠦᠯ ᠤᠨ ᠦᠵᠡᠮᠵᠢ ᠶᠢᠨ ᠣᠷᠣᠨ | ᠵᠤᠭᠠᠴᠠᠭᠰᠠᠳ ᠢ 1.591 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠰᠤᠭᠤ ᠶᠢᠨ ᠪᠤᠯᠠᠭ ᠤᠨ ᠡᠯᠡᠰᠦᠨ | ᠴᠦᠯ ᠤᠨ ᠦᠵᠡᠮᠵᠢ ᠶᠢᠨ ᠵᠤᠭᠠᠴᠠᠯ ᠤᠨ ᠣᠷᠣᠨ ᠵᠤᠭᠠᠴᠠᠭᠰᠠᠳ ᠢ 0.229 ᠲᠦᠮᠡᠨ ᠬᠥᠮᠥᠨ ᠤᠳᠠᠭ᠎ᠠ ᠬᠦᠯᠢᠶᠡᠨ | ᠠᠪᠤᠪᠠ᠃ | |