ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠠᠮᠢ | ᠠᠬᠤᠢ ᠶᠢᠨ ᠵᠢᠭᠤᠯᠴᠢᠯᠠᠯ ᠪᠠ ᠬᠤᠪᠢᠰᠬᠠᠯ ᠤᠨ ᠰᠣᠶᠣᠯ ᠢᠶᠠᠷ ᠭᠤᠣᠯ ᠰᠢᠵᠢᠮ ᠪᠣᠯᠭᠠᠵᠤ᠂ ᠪᠠᠶᠢᠭᠠᠯᠢ ᠶᠢᠨ ᠥᠩᠭᠡ | ᠦᠵᠡᠮᠵᠢ ᠪᠠ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠥᠪᠡᠷᠮᠢᠴᠡ ᠥᠩᠭᠡ ᠦᠵᠡᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠤᠰ ᠤᠨ ᠪᠠᠶᠠᠷ ᠤᠨ | ᠬᠤᠭᠤᠴᠠᠭᠠᠨ ᠳᠤ ︵10 ᠰᠠᠷ᠎ᠠ ᠶᠢᠨ 1 ᠤ ᠡᠳᠦᠷ ᠠᠴᠠ 7 ᠤ ᠡᠳᠦᠷ ᠪᠤᠯᠳᠠᠯ᠎ᠠ︶ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ︵ᠴᠦᠩᠬᠦᠯ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠰᠤᠭᠤ ᠶᠢᠨ ᠪᠤᠯᠠᠭ ᠤᠨ ᠡᠯᠡᠰᠦᠨ ᠴᠥᠯ ᠤᠨ ᠦᠵᠡᠮᠵᠢᠲᠦ | ᠵᠢᠭᠤᠯᠴᠢᠯᠠᠯ ᠤᠨ ᠣᠷᠣᠨ︶ ᠨᠡᠶᠢᠲᠡ 1.82 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 3.18% ᠨᠡᠮᠡᠭᠳᠡᠪᠡ᠃ ᠡᠭᠦᠨ ᠳᠤ᠂ ᠴᠦᠩᠬᠦᠯ ᠤᠨ ᠦᠵᠡᠮᠵᠢ ᠶᠢᠨ ᠣᠷᠣᠨ | ᠵᠤᠭᠠᠴᠠᠭᠰᠠᠳ ᠢ 1.591 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠰᠤᠭᠤ ᠶᠢᠨ ᠪᠤᠯᠠᠭ ᠤᠨ ᠡᠯᠡᠰᠦᠨ | ᠴᠦᠯ ᠤᠨ ᠦᠵᠡᠮᠵᠢ ᠶᠢᠨ ᠵᠤᠭᠠᠴᠠᠯ ᠤᠨ ᠣᠷᠣᠨ ᠵᠤᠭᠠᠴᠠᠭᠰᠠᠳ ᠢ 0.229 ᠲᠦᠮᠡᠨ ᠬᠥᠮᠥᠨ ᠤᠳᠠᠭ᠎ᠠ ᠬᠦᠯᠢᠶᠡᠨ | ᠠᠪᠤᠪᠠ᠃ | | | | | | ᠴᠦᠩᠬᠦᠯ ᠤᠨ ᠵᠤᠭᠠᠴᠠᠯ ᠤᠨ ᠦᠵᠡᠮᠵᠢ ᠶᠢᠨ ᠤᠷᠤᠨ ᠳᠤ ᠵᠤᠭᠠᠴᠠᠭᠰᠠᠳ ᠰᠡᠯᠡᠬᠦᠴᠡᠨ ᠲᠤᠭᠤᠷᠢᠵᠤ ᠰᠡᠭᠦᠳᠡᠷ | ᠲᠠᠲᠠᠵᠤ᠂ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠪᠣᠯᠣᠨ ᠰᠢᠨ᠎ᠡ ᠰᠣᠷᠭᠤᠭ ᠠᠭᠤᠷ ᠠᠮᠢᠰᠬᠤᠯ ᠢ | ᠠᠮᠢᠰᠬᠤᠯᠠᠨ᠂ ᠪᠡᠶ᠎ᠡ ᠰᠡᠳᠬᠢᠯ ᠲᠡᠨᠢᠭᠦᠨ ᠢᠶᠠᠷ ᠡᠬᠡ ᠪᠠᠶᠢᠭᠠᠯᠢ ᠶᠢᠨ ᠰᠤᠶᠤᠷᠬᠠᠭᠰᠠᠨ ᠬᠠᠪᠤ ᠴᠡᠩᠭᠡᠯ ᠢ ᠡᠳ᠋ᠯᠡᠨ᠎ᠡ᠃ | | | | | | ᠰᠤᠭᠤ ᠶᠢᠨ ᠪᠤᠯᠠᠭ ᠤᠨ ᠡᠯᠡᠰᠦᠨ ᠴᠦᠯ ᠳᠤ᠂ ᠵᠤᠭᠠᠴᠠᠭᠰᠠᠳ ᠲᠡᠮᠡᠭᠡ ᠤᠨᠤᠵᠤ᠂ ᠡᠯᠡᠰᠦᠨ ᠳᠤ ᠭᠤᠯᠭᠤᠵᠤ᠂ | ᠬᠡᠭᠡᠷ᠎ᠡ ᠲᠠᠯ᠎ᠠ ᠪᠠᠷ ᠳᠠᠪᠬᠢᠵᠤ᠂ ᠪᠠᠶᠠᠷ ᠬᠦᠷ ᠢᠶᠠᠷ ᠪᠢᠯᠬᠠᠵᠤ᠂ ᠡᠯᠡᠰᠦᠨ ᠴᠦᠯ ᠤᠨ ᠥᠷᠭᠡᠨ ᠠᠭᠤᠳᠠᠮ ᠪᠠ ᠡᠷᠬᠡ | ᠴᠢᠯᠦᠭᠡ ᠶᠢ ᠠᠭᠤᠵᠢᠷᠠᠲᠠᠯ᠎ᠠ ᠣᠶᠢᠯᠠᠭᠠᠯ᠎ᠠ᠃ | | | | | | ᠵᠤᠭᠠᠴᠠᠭᠰᠠᠳ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ ᠶᠢ ᠰᠣᠨᠢᠷᠬᠠᠵᠤ ᠴᠢᠳᠠᠬᠤ ᠪᠠᠷ ᠪᠠᠷᠠᠬᠤ ᠦᠭᠡᠢ᠂ | ᠬᠤᠷᠴᠢᠨ ᠠᠷᠠᠳ ᠤᠨ ᠵᠠᠩ ᠦᠢᠯᠡ ᠲᠡᠦᠬᠡ ᠰᠣᠶᠣᠯ ᠤᠨ ᠬᠦᠷᠢᠶᠡᠯᠡᠩ ᠳᠤ ᠮᠣᠩᠭᠤᠯ ᠦᠨᠳᠦᠰᠦᠲᠡᠨ ᠤ ᠰᠣᠶᠣᠯ | ᠪᠣᠯᠣᠨ ᠬᠤᠪᠢᠰᠬᠠᠯ ᠤᠨ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠤᠶᠢᠯᠠᠭᠠᠯ᠎ᠠ᠃ | | | | | | ᠤᠳᠠᠨᠳᠠᠯ᠎ᠠ ᠶᠢᠨ ᠪᠠᠲᠤᠴᠠᠭᠠᠨ ᠤ ᠤᠢ ᠰᠢᠭᠤᠢ ᠶᠢᠨ ᠴᠡᠴᠡᠷᠯᠢᠭ ᠨᠢ ᠵᠤᠭᠠᠴᠠᠭᠰᠠᠳ ᠤᠨ ᠬᠦᠷᠢᠶᠡᠯᠡᠯ ᠢ ᠣᠯᠵᠤ᠂ | ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠠᠵᠤ ᠠᠬᠤᠢ ᠪᠠ ᠨᠡᠶᠢᠭᠡᠮ ᠤᠨ | ᠢᠯᠡᠳᠲᠡ ᠦᠷ᠎ᠡ ᠠᠰᠢᠭ ᠣᠯᠵᠠᠢ᠃ | | | ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠠᠮᠢ | ᠠᠬᠤᠢ ᠶᠢᠨ ᠵᠢᠭᠤᠯᠴᠢᠯᠠᠯ ᠪᠠ ᠬᠤᠪᠢᠰᠬᠠᠯ ᠤᠨ ᠰᠣᠶᠣᠯ ᠢᠶᠠᠷ ᠭᠤᠣᠯ ᠰᠢᠵᠢᠮ ᠪᠣᠯᠭᠠᠵᠤ᠂ ᠪᠠᠶᠢᠭᠠᠯᠢ ᠶᠢᠨ ᠥᠩᠭᠡ | ᠦᠵᠡᠮᠵᠢ ᠪᠠ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠥᠪᠡᠷᠮᠢᠴᠡ ᠥᠩᠭᠡ ᠦᠵᠡᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠤᠰ ᠤᠨ ᠪᠠᠶᠠᠷ ᠤᠨ | ᠬᠤᠭᠤᠴᠠᠭᠠᠨ ᠳᠤ ︵10 ᠰᠠᠷ᠎ᠠ ᠶᠢᠨ 1 ᠤ ᠡᠳᠦᠷ ᠠᠴᠠ 7 ᠤ ᠡᠳᠦᠷ ᠪᠤᠯᠳᠠᠯ᠎ᠠ︶ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ︵ᠴᠦᠩᠬᠦᠯ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠰᠤᠭᠤ ᠶᠢᠨ ᠪᠤᠯᠠᠭ ᠤᠨ ᠡᠯᠡᠰᠦᠨ ᠴᠥᠯ ᠤᠨ ᠦᠵᠡᠮᠵᠢᠲᠦ | ᠵᠢᠭᠤᠯᠴᠢᠯᠠᠯ ᠤᠨ ᠣᠷᠣᠨ︶ ᠨᠡᠶᠢᠲᠡ 1.82 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 3.18% ᠨᠡᠮᠡᠭᠳᠡᠪᠡ᠃ ᠡᠭᠦᠨ ᠳᠤ᠂ ᠴᠦᠩᠬᠦᠯ ᠤᠨ ᠦᠵᠡᠮᠵᠢ ᠶᠢᠨ ᠣᠷᠣᠨ | ᠵᠤᠭᠠᠴᠠᠭᠰᠠᠳ ᠢ 1.591 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠰᠤᠭᠤ ᠶᠢᠨ ᠪᠤᠯᠠᠭ ᠤᠨ ᠡᠯᠡᠰᠦᠨ | ᠴᠦᠯ ᠤᠨ ᠦᠵᠡᠮᠵᠢ ᠶᠢᠨ ᠵᠤᠭᠠᠴᠠᠯ ᠤᠨ ᠣᠷᠣᠨ ᠵᠤᠭᠠᠴᠠᠭᠰᠠᠳ ᠢ 0.229 ᠲᠦᠮᠡᠨ ᠬᠥᠮᠥᠨ ᠤᠳᠠᠭ᠎ᠠ ᠬᠦᠯᠢᠶᠡᠨ | ᠠᠪᠤᠪᠠ᠃ | |