ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠢᠳᠬᠡᠯ ᠢ ᠤᠷᠢᠳᠴᠢᠯᠠᠨ ᠬᠤᠷᠢᠶᠠᠬᠤ ᠦᠶᠡᠯᠡᠯ ᠤᠨ ᠬᠤᠭᠤᠴᠠᠭ᠎ᠠ ᠶᠢ ᠬᠠᠮᠤᠭ ᠣᠷᠳᠣ ᠳᠠᠭᠠᠨ 12 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2024/10/9
    ᠲᠤᠰ ᠰᠢᠨ᠎ᠡ ᠲᠣᠭᠲᠠᠭᠠᠯ ᠢ 2024 ᠤᠨ ᠤ 10 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠦᠨ᠎ᠡ       ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠢᠳᠬᠡᠯ ᠢ ᠤᠷᠢᠳᠴᠢᠯᠠᠨ ᠬᠤᠷᠢᠶᠠᠬᠤ ᠦᠶᠡᠯᠡᠯ ᠤᠨ ᠬᠤᠭᠤᠴᠠᠭ᠎ᠠ ᠶᠢ ᠬᠠᠮᠤᠭ ᠣᠷᠳᠣ ᠳᠠᠭᠠᠨ 12 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ    ᠠᠷᠠᠳ ᠤᠨ ᠶᠠᠪᠤᠳᠠᠯ ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠷᠢᠳᠴᠢᠯᠠᠨ ᠬᠤᠷᠢᠶᠠᠬᠤ ᠰᠦᠢᠳᠬᠡᠯ ᠢ ᠬᠤᠷᠢᠶᠠᠬᠤ ᠱᠠᠭᠠᠷᠳᠠᠯᠭ᠎ᠠ᠂ ᠬᠡᠷᠡᠭᠯᠡᠬᠦ ᠬᠡᠷᠡᠭᠴᠡᠭᠡ ᠵᠡᠷᠭᠡ ᠳᠤ ᠲᠣᠭᠲᠠᠭᠠᠯ ᠭᠠᠷᠭᠠᠪᠠ᠃ ᠲᠣᠰ ᠰᠠᠨᠠᠯ ᠢ 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃    ᠤᠷᠢᠳᠴᠢᠯᠠᠨ ᠰᠦᠢᠳᠬᠡᠯ ᠬᠤᠷᠢᠶᠠᠬᠤ ᠲᠤᠭ᠎ᠠ ᠬᠡᠮᠵᠢᠶ᠎ᠡ ᠶᠢᠨ ᠲᠠᠯ᠎ᠠ ᠪᠠᠷ᠂ ︽ᠰᠠᠨᠠᠯ︾ ᠳᠤ ᠲᠣᠭᠲᠠᠭᠠᠭᠰᠠᠨ  ᠨᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠢᠳᠬᠡᠯ ᠢ ᠤᠷᠢᠳᠴᠢᠯᠠᠨ ᠬᠤᠷᠢᠶᠠᠬᠤ ᠦᠶᠡᠯᠡᠯ ᠤᠨ ᠬᠤᠭᠤᠴᠠᠭ᠎ᠠ ᠶᠢ ᠬᠠᠮᠤᠭ ᠣᠷᠳᠣ ᠳᠠᠭᠠᠨ 12 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠂ ᠭᠠᠭᠴᠠ ᠪᠡᠶ᠎ᠡ ᠨᠠᠰᠤᠲᠠᠶᠢᠴᠤᠳ ᠠᠴᠠ ᠬᠤᠷᠢᠶᠠᠬᠤ ᠪᠡᠷᠢᠴᠠᠭᠠᠨ ᠤ ᠮᠥᠩᠭᠦ ᠶᠢ ᠬᠠᠮᠤᠭ ᠠᠷᠪᠢᠨ ᠳᠠᠭᠠᠨ ᠲᠣᠰ ᠨᠠᠰᠤᠲᠠᠶᠢᠴᠤᠳ ᠤᠨ ᠰᠠᠷ᠎ᠠ ᠶᠢᠨ ᠣᠷᠣ ᠶᠢᠨ ᠰᠦᠢᠳᠬᠡᠯ ᠤᠨ 12 ᠳᠠᠬᠢᠨ ᠠᠴᠠ ᠬᠡᠲᠦᠷᠡᠭᠦᠯᠵᠦ ᠪᠣᠯᠬᠤ ᠦᠭᠡᠢ᠃ ᠬᠡᠷᠡᠭᠯᠡᠯᠲᠡ ᠶᠢᠨ ᠲᠠᠯ᠎ᠠ ᠪᠠᠷ᠂ ︽ᠰᠠᠨᠠᠯ︾ ᠳᠤ ︽ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢ ᠵᠢᠭᠰᠠᠭᠠᠵᠠᠢ᠂ ᠵᠢᠱᠢᠶᠡᠯᠡᠪᠡᠯ ᠭᠡᠰᠢᠭᠦᠨ ᠤ ᠵᠠᠷᠤᠳᠠᠯ ᠢ ᠥᠪᠡᠷ ᠤᠨ ᠬᠡᠷᠡᠭᠯᠡᠭᠡᠨ ᠤ ᠪᠤᠰᠤ ᠥᠯᠥ ᠬᠥᠳᠡᠯᠬᠦ ᠬᠥᠷᠥᠩᠭᠡ᠂ ᠦᠨᠡᠲᠦ ᠲᠡᠮᠳᠡᠭᠲᠦ᠂ ᠮᠥᠩᠭᠦᠨ ᠭᠦᠢᠯᠭᠡᠭᠡᠨ ᠤ ᠡᠭᠦᠰᠦᠮᠡᠯ ᠡᠳ᠋ ᠵᠡᠷᠭᠡ ᠥᠨᠳᠥᠷ ᠲᠦᠭᠰᠢᠭᠦᠷᠢᠲᠦ ᠪᠡᠯᠡ ᠣᠷᠣᠭᠤᠯᠤᠯᠲᠠ ᠳᠤ ᠬᠡᠷᠡᠭᠯᠡᠵᠦ ᠪᠣᠯᠬᠤ ᠦᠭᠡᠢ᠂ ᠦᠨᠡᠲᠦ ᠲᠡᠮᠳᠡᠭᠲᠦ ᠬᠤᠳᠠᠯᠳᠤᠭᠠᠯᠠᠬᠤ ᠪᠠᠷ ᠭᠤᠣᠯ ᠲᠤᠬᠠᠶᠢᠯᠠᠭᠰᠠᠨ ᠠᠵᠢᠯ ᠢᠶᠠᠨ ᠪᠣᠯᠭᠠᠭᠰᠠᠨ ᠺᠣᠮᠫᠠᠨᠢ ᠵᠢᠴᠢ ᠪᠤᠰᠤᠳ ᠵᠢᠭᠡᠯᠡᠯᠭᠡ ᠳᠤ ᠬᠡᠷᠡᠭᠯᠡᠬᠦ ᠵᠡᠷᠭᠡ ᠳᠤ ᠰᠢᠭᠤᠳ ᠪᠤᠶᠤ ᠳᠠᠮ ᠢᠶᠠᠷ ᠪᠡᠯᠡ ᠣᠷᠣᠭᠤᠯᠵᠤ ᠪᠣᠯᠬᠤ ᠦᠭᠡᠢ᠃     ︽ᠰᠠᠨᠠᠯ︾ ᠳᠤ ᠪᠠᠰᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠬᠡ ᠮᠥᠩᠭᠦ ᠶᠢ ᠨᠢ ᠪᠤᠴᠠᠭᠠᠵᠤ ᠬᠦᠦ ᠮᠥᠩᠭᠦ ᠶᠢ ᠨᠢ ᠲᠥᠯᠥᠬᠦ ᠪᠠᠷ ᠠᠮᠠᠯᠠᠬᠤ᠂ ᠪᠤᠰᠤᠳ ᠪᠡᠯᠡ ᠣᠷᠣᠭᠤᠯᠤᠯᠲᠠ ᠶᠢᠨ ᠬᠠᠷᠢᠭᠤ ᠬᠠᠷᠠᠮᠵᠢ ᠥᠭᠬᠦ ᠵᠡᠷᠭᠡ ᠠᠷᠭ᠎ᠠ ᠮᠠᠶ᠋ᠢᠭ ᠢᠶᠠᠷ ᠨᠠᠰᠤᠲᠠᠶᠢᠴᠤᠳ ᠪᠤᠶᠤ ᠲᠡᠭᠦᠨ ᠤ ᠣᠷᠣᠯᠠᠭᠴᠢ ᠶᠢ ᠥᠳᠥᠭᠡᠵᠦ ᠪᠠᠶᠢᠭᠠᠳ ᠤᠷᠢᠳᠴᠢᠯᠠᠨ ᠰᠦᠢᠳᠬᠡᠯ ᠲᠤᠰᠢᠶᠠᠯᠭᠠᠵᠤ ᠪᠣᠯᠬᠤ ᠦᠭᠡᠢ ᠭᠡᠵᠦ ᠲᠣᠭᠲᠠᠭᠠᠵᠠᠢ᠃ ᠪᠡᠷᠢᠴᠠᠭᠠᠨ ᠤ ᠮᠥᠩᠭᠦ᠂ ᠭᠡᠰᠢᠭᠦᠨ ᠤ ᠵᠠᠷᠤᠳᠠᠯ ᠢ ᠬᠤᠳᠠᠯᠳᠤᠭᠠᠨ ᠤ ᠪᠠᠩᠬᠢ ᠶᠢᠨ ᠭᠤᠷᠪᠠᠳᠠᠭᠢ ᠡᠲᠡᠭᠡᠳ ᠤᠨ ᠬᠠᠳᠠᠭᠠᠯᠠᠨ ᠬᠠᠮᠢᠶᠠᠷᠬᠤ ᠪᠠ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠡᠷᠭᠡ ᠠᠷᠭ᠎ᠠ ᠮᠠᠶ᠋ᠢᠭ ᠢᠶᠠᠷ ᠬᠠᠮᠢᠶᠠᠷᠴᠤ᠂ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号