10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠭᠠᠨᠵᠤᠭ᠎ᠠ ᠭᠤᠤᠯ ᠬᠤᠲᠠ ᠶᠢᠨ ᠲᠣᠭᠤᠷᠢᠭ ᠲᠤ ᠴᠡᠷᠢᠭ ᠠᠴᠠ ᠬᠠᠯᠠᠭᠳᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ᠂ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ | ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ | ᠰᠤᠳᠤᠯᠪᠠ᠃ ᠬᠤᠰᠢᠭᠤᠨ ᠤ ᠤᠳᠤᠷᠢᠳᠤᠯᠭ᠎ᠠ ᠸᠧᠨ ᠮᠢᠩ᠂ ᠱᠤᠸᠠᠩ ᠵᠦ ᠣᠷᠣᠯᠴᠠᠵᠠᠶ᠃ | | ᠬᠤᠰᠢᠭᠤᠨ ᠤ ᠢᠷᠠᠭᠤ ᠠᠯᠳᠠᠷ ᠤᠨ ᠬᠦᠷᠢᠶᠡᠯᠡᠩ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ ᠳᠤ᠂ ᠭᠦᠸᠧ ᠲᠢᠶᠠᠨ ᠪᠦᠦ ᠠᠵᠢᠯᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ | ᠨᠠᠰᠤᠲᠠᠶᠢᠴᠤᠳ ᠤᠨ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠦᠢᠯᠡᠴᠢᠯᠡᠭᠡᠨ ᠤ ᠶᠠᠰᠤ ᠴᠢᠨᠠᠷ ᠢᠶᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠨᠠᠷᠢᠨ ᠨᠢᠭᠲᠠ ᠪᠥᠭᠡᠳ ᠪᠣᠳᠠᠲᠠᠶ ᠬᠢᠵᠦ᠂ ᠡᠮ ᠡᠮᠨᠡᠯᠭᠡ᠂ ᠡᠷᠡᠭᠦᠯᠵᠢᠯ᠂ | ᠨᠠᠰᠤᠵᠢᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠡᠮᠨᠡᠯᠭᠡ ᠳᠤ ᠰᠠᠭᠤᠵᠤ ᠪᠠᠶᠢᠭ᠎ᠠ ᠨᠠᠰᠤᠲᠠᠶᠢᠴᠤᠳ ᠢ | ᠰᠠᠨᠠᠭ᠎ᠠ ᠠᠮᠤᠷ᠂ ᠪᠠᠶᠠᠷ ᠪᠠᠶᠠᠰᠬᠤᠯᠠᠩ ᠲᠠᠢ ᠰᠠᠭᠤᠯᠭᠠᠵᠤ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ | ᠥᠩᠭᠡᠷᠡᠭᠦᠯᠬᠦ ᠬᠡᠷᠡᠭᠲᠡᠶ ᠭᠡᠵᠡᠶ᠃ | | | | ᠳᠠᠷᠠᠭ᠎ᠠ ᠨᠢ᠂ ᠭᠦᠸᠧ ᠲᠢᠶᠠᠨ ᠪᠦᠦ ᠶᠠᠩ ᠭᠤᠸᠠᠩ ᠨᠡᠶᠢᠭᠡᠮ ᠲᠣᠭᠤᠷᠢᠭ᠂ ᠬᠦᠰᠡᠯᠡᠩᠲᠦ ᠨᠡᠶᠢᠭᠡᠮ ᠲᠣᠭᠤᠷᠢᠭ | ᠪᠣᠯᠤᠨ ᠮᠦᠷᠡᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠯᠠᠬᠤ ᠭᠠᠵᠠᠷ ᠤᠨ | ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠠᠵᠢᠯᠯᠠᠪᠠ᠃ ᠲᠡᠷᠡ᠂ ᠨᠡᠶᠢᠭᠡᠮ ᠲᠣᠭᠤᠷᠢᠭ ᠪᠣᠯ ᠬᠤᠳᠠ ᠶᠢᠨ | ᠵᠠᠰᠠᠯᠲᠠ ᠶᠢᠨ ᠦᠨᠳᠦᠰᠦᠨ ᠨᠢᠭᠡᠴᠢ ᠮᠥᠨ᠂ ᠨᠠᠮ ᠪᠣᠯᠤᠨ ᠵᠠᠰᠠᠭ ᠤᠨ ᠣᠷᠳᠣᠨ ᠤ ᠤᠯᠠᠨ ᠲᠦᠮᠡᠨ ᠲᠠᠢ | ᠬᠠᠷᠢᠯᠴᠠᠵᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠮᠥᠨ᠃ ᠠᠷᠭ᠎ᠠ ᠪᠦᠬᠦᠨ ᠢ ᠰᠦᠪᠡᠭᠴᠢᠯᠡᠨ ᠨᠡᠶᠢᠭᠡᠮ | ᠲᠣᠭᠤᠷᠢᠭ ᠤᠨ ᠠᠯᠪᠠᠯᠠᠬᠤ ᠭᠠᠵᠠᠷ ᠤᠨ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠤᠯᠠᠨ ᠡᠰᠢᠲᠦ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃ | | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠭᠦᠸᠧ ᠲᠢᠶᠠᠨ ᠪᠦᠦ ᠪᠠᠰᠠ ᠬᠤᠰᠢᠭᠤᠨ ᠤ ᠲᠠᠩᠰᠠ | ᠡᠪᠬᠡᠮᠡᠯ ᠤᠨ ᠰᠠᠩ ᠳᠤ ᠬᠦᠷᠴᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠬᠤᠪᠢᠰᠬᠠᠯ ᠤᠨ ᠬᠥᠮᠦᠵᠢᠯ ᠤᠨ ᠰᠠᠭᠤᠷᠢᠨ | ᠭᠠᠵᠠᠷ ᠢ ᠰᠠᠶᠢᠲᠤᠷ ᠠᠰᠢᠭᠯᠠᠵᠤ᠂ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ | ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | |