ᠲᠦᠷᠭᠡᠨ ᠬᠥᠯᠳᠡᠭᠡᠭᠰᠡᠨ ᠢᠳᠡᠭᠡᠨ ᠢ ᠡᠳ᠋ᠰᠢᠭᠦᠯᠦᠨ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2024/11/11
    11 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠠᠷᠠᠮᠥ᠋ᠷᠡᠨ ᠤ ᠵᠥᠩ ᠷᠦᠢ ᠪᠣᠬᠢᠷᠲᠤᠯ ᠦᠭᠡᠢ ᠵᠢᠮᠢᠰ ᠢᠳᠡᠰᠢᠨ ᠨᠣᠭᠤᠭᠠᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠵᠣᠯᠭᠠᠭᠤᠯᠤᠨ ᠵᠥᠪᠳᠡᠯᠴᠡᠪᠡ᠃ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠣᠷᠣᠯᠴᠠᠵᠠᠢ᠃
  速冻食品加工建设项目落户科左后旗.jpg
    ᠬᠤᠶᠠᠷ ᠲᠠᠯ᠎ᠠ ᠪᠠᠷ ᠢᠶᠠᠨ ᠭᠤᠣᠯᠳᠠᠭᠤ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠳᠠᠷᠢᠵᠤ ᠡᠳ᠋ᠰᠢᠭᠦᠯᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠠᠷᠢᠮᠠᠯ ᠳᠠᠷᠢᠬᠤ ᠪᠠ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤᠷᠠᠯᠴᠠᠭᠠᠨ ᠤ ᠨᠠᠷᠢᠨ ᠵᠦᠢᠯᠡᠰ ᠢ ᠬᠠᠮᠲᠤᠪᠠᠷ ᠵᠥᠪᠳᠡᠯᠴᠡᠭᠰᠡᠨ ᠪᠥᠭᠡᠳ ᠲᠦᠷᠭᠡᠨ ᠬᠥᠯᠳᠡᠭᠡᠭᠰᠡᠨ ᠢᠳᠡᠭᠡᠨ ᠢ ᠡᠳ᠋ᠰᠢᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠵᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号