11 ᠰᠠᠷ᠎ᠠ ᠶᠢᠨ 8 ᠤ ᠡᠳᠦᠷ ᠬᠤᠷᠠᠯᠳᠤᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠵᠢᠯ ᠤᠨ ᠡᠴᠦᠰ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠵᠦ | ᠶᠠᠷᠢᠶ᠎ᠠ ᠲᠠᠯᠪᠢᠪᠠ᠃ | | | | ᠬᠤᠷᠠᠯ ᠳᠡᠭᠡᠷ᠎ᠡ᠂ ᠣᠳᠣᠬᠠᠨ ᠤ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠰᠢᠯᠲᠠᠭᠠᠨ ᠢ ᠨᠢ ᠵᠠᠳᠠᠯᠵᠤ᠂ | ᠠᠷᠭᠠᠴᠠᠬᠤ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠯ ᠤᠨ ᠡᠴᠦᠰ ᠪᠣᠯᠲᠠᠯ᠎ᠠ ᠬᠤᠶᠠᠷᠬᠠᠨ ᠰᠠᠷ᠎ᠠ ᠶᠢᠨ ᠬᠤᠭᠤᠴᠠᠭ᠎ᠠ | ᠦᠯᠡᠳᠡᠵᠦ ᠪᠠᠶᠢᠨ᠎ᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ︽ᠲᠣᠭᠲᠠᠭᠤᠨ ᠢ ᠪᠠᠲᠤᠯᠠᠵᠤ᠂ | ᠬᠥᠭᠵᠢᠯᠲᠡ ᠶᠢ ᠡᠷᠢᠯᠬᠢᠯᠡᠵᠦ᠂ ᠦᠢᠯᠡᠴᠢᠯᠡᠭᠡ ᠶᠢ ᠠᠳᠬᠤᠵᠤ᠂ ᠬᠤᠷᠢᠭ᠎ᠠ ᠱᠤᠭᠤᠮ ᠢ ᠰᠠᠬᠢᠬᠤ︾ ᠶᠡᠷᠦᠩᠬᠡᠢ | ᠱᠠᠭᠠᠷᠳᠠᠯᠭ᠎ᠠ ᠶᠢᠨ ᠲᠣᠭᠤᠷᠢᠨ ᠳᠤ ᠡᠷᠴᠢ ᠵᠣᠷᠢᠭ ᠢᠶᠠᠨ ᠬᠥᠪᠴᠢᠯᠡᠨ᠂ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠦᠨᠡᠨ ᠪᠣᠳᠠᠲᠠᠢ ᠦᠷ᠎ᠡ | ᠪᠦᠲᠦᠮᠵᠢ ᠪᠠᠷ ᠲᠠᠩᠰᠠ ᠡᠪᠬᠡᠮᠡᠯ ᠲᠤᠰᠢᠶᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠵᠥᠷᠢᠴᠡᠯ ᠵᠠᠭᠤᠷᠠᠯᠳᠤᠭᠠᠨ ᠢ ᠶᠡᠭᠡ | ᠳᠠᠷᠠᠭᠠᠯᠠᠨ ᠪᠠᠶᠢᠴᠠᠭᠠᠵᠤ ᠶᠡᠭᠡ ᠨᠠᠮᠳᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ | ᠱᠠᠲᠤᠨ ᠤ ᠣᠯᠣᠯᠴᠠᠨ ᠵᠣᠯᠭᠠᠭᠤᠯᠬᠤ ᠳᠦᠷᠢᠮ ᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭᠠᠨ ᠢ ᠰᠤᠳᠤᠯᠤᠨ | ᠮᠠᠭᠠᠳᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ | ᠰᠢᠢᠳᠪᠦᠷᠢᠯᠡᠬᠦ᠂ ᠲᠤᠶᠢᠯᠪᠤᠷᠢᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠳᠥᠷᠪᠡᠳᠦᠭᠡᠷ ᠤᠯᠠᠷᠢᠯ ᠤᠨ ᠠᠵᠤ | ᠠᠬᠤᠢ ᠶᠢᠨ ᠰᠢᠪᠳᠤᠯᠤᠯᠳᠠ ᠶᠢᠨ ᠳᠠᠶᠢᠯᠠᠯᠳᠤᠭᠠᠨ᠂ ᠰᠡᠭᠦᠯ ᠬᠤᠷᠢᠶᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠢᠷᠡᠬᠦ ᠵᠢᠯ ᠴᠢᠨᠠᠭᠰᠢᠯᠠᠪᠠᠯ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠲᠦᠷᠦᠯ ᠵᠦᠢᠯ ᠢ | ᠰᠢᠰᠲ᠋ᠧᠮ ᠲᠠᠢ ᠰᠠᠶᠢᠲᠤᠷ ᠡᠮᠬᠢᠯᠡᠵᠦ᠂ ᠢᠷᠡᠬᠦ ᠵᠢᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠷ ᠭᠦᠢᠴᠡᠳᠬᠡᠯ | ᠭᠦᠢᠴᠡᠳᠬᠡᠬᠦ᠂ ᠡᠯᠧᠮᠧᠨ᠋ᠲ ᠤᠨ ᠪᠠᠲᠤᠯᠠᠭ᠎ᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠬᠦᠷᠢᠶ᠎ᠡ ᠶᠢ | ᠳᠠᠰᠤᠷᠠᠯᠳᠠ ᠦᠭᠡᠢ ᠰᠢᠯᠢᠳᠡᠭᠵᠢᠭᠦᠯᠵᠦ᠂ ᠥᠨᠢ ᠤᠳᠠᠭᠠᠨ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠢᠭ᠎ᠠ ᠱᠤᠭᠤᠮ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ | ᠱᠤᠭᠤᠮ᠂ ᠰᠠᠬᠢᠯᠭ᠎ᠠ ᠪᠠᠲᠤ ᠶᠣᠰᠣ ᠳᠦᠷᠢᠮ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠡᠯ᠎ᠡ ᠵᠦᠢᠯ ᠤᠨ | ᠠᠶᠤᠯ ᠲᠦᠭᠰᠢᠭᠦᠷᠢ ᠶᠢᠨ ᠡᠵᠡᠮᠳᠡᠯ ᠢᠶᠠᠨ ᠠᠯᠳᠠᠵᠤ ᠥᠷᠭᠡᠵᠢᠨ ᠳᠡᠯᠭᠡᠷᠡᠬᠦ ᠶᠢ ᠡᠷᠡᠰ ᠰᠡᠷᠭᠡᠶᠢᠯᠡᠨ᠂ ᠪᠥᠬᠦ | ᠬᠤᠰᠢᠭᠤᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ | ᠭᠡᠵᠡᠢ᠃ | | |