11 ᠰᠠᠷ᠎ᠠ ᠶᠢᠨ 8 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠬᠤᠷᠠᠯᠳᠤᠵᠤ᠂ ᠬᠤᠷᠠᠯ ᠳᠤ ᠲᠦᠩᠯᠢᠶᠣᠣ ᠬᠤᠲᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠤᠰᠢᠭᠤᠨ ᠤ ᠲᠠᠰ ᠤᠨ ︽ᠬᠡᠷᠡᠭᠵᠢᠭᠦᠯᠬᠦ ᠲᠥᠰᠥᠯ︾ ᠤᠨ ᠡᠭᠦᠷᠭᠡ ᠶᠢᠨ ᠡᠬᠡ | ᠲᠠᠩᠰᠠ ᠶᠢ ᠵᠠᠳᠠᠯᠤᠭᠰᠠᠨ ᠲᠤᠬᠠᠢ ᠲᠠᠶᠢᠯᠤᠮᠵᠢ ᠬᠢᠪᠡ᠃ | | ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠸᠧ | ᠲᠢᠶᠠᠨ ᠪᠦᠦ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠯᠲᠡᠢ | ᠲᠥᠯᠥᠪᠵᠢᠭᠦᠯᠦᠨ ᠨᠠᠶᠢᠳᠠᠪᠤᠷᠢᠵᠢᠭᠤᠯᠬᠤ ᠶᠢ ᠠᠳᠬᠤᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠲᠥᠯᠥᠪᠵᠢᠭᠦᠯᠬᠦ᠂ | ᠰᠢᠰᠲ᠋ᠧᠮ ᠲᠠᠢ ᠪᠠᠶᠢᠷᠢᠯᠠᠭᠤᠯᠬᠤ᠂ ᠪᠦᠬᠦ ᠲᠠᠯ᠎ᠠ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠂ ᠭᠠᠭᠴᠠᠭᠠᠷ ᠢᠶᠠᠨ | ᠲᠡᠮᠡᠴᠡᠵᠦ᠂ ᠭᠠᠭᠴᠠᠭᠠᠷ ᠢᠶᠠᠨ ᠭᠠᠪᠰᠢᠭᠠᠶᠢᠯᠠᠵᠤ ᠶᠠᠭᠠᠬᠢᠭᠰᠠᠨ ᠴᠤ ᠪᠣᠯᠬᠤ ᠦᠭᠡᠢ᠂ ᠪᠠᠰᠠ ᠡᠮᠬᠢ ᠵᠠᠮᠪᠠᠷᠠᠭ᠎ᠠ ᠪᠠᠨ | ᠠᠯᠳᠠᠯ ᠦᠭᠡᠢ ᠠᠳᠬᠤᠵᠤ᠂ ᠡᠷᠬᠡᠪᠰᠢ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠭᠤᠣᠯᠳᠠᠯᠭ᠎ᠠ ᠲᠠᠢ᠂ ᠠᠯᠬᠤᠮ ᠳᠠᠷᠠᠭ᠎ᠠ ᠲᠠᠢ᠂ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠴᠠᠭ | ᠬᠤᠭᠤᠴᠠᠭ᠎ᠠ ᠶᠢ ᠴᠢᠩᠭ᠎ᠠ ᠠᠳᠬᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠠᠭ ᠲᠤᠬᠢᠶᠠᠯ ᠠᠴᠠ ᠬᠤᠵᠢᠮᠳᠠᠬᠤ | ᠦᠭᠡᠢ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠬᠤ ᠤᠬᠠᠮᠰᠠᠷ ᠢ ᠪᠠᠲᠤ ᠪᠤᠢ ᠪᠣᠯᠭᠠᠵᠤ᠂ ᠴᠠᠭ | ᠬᠤᠭᠤᠴᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠲᠣᠭᠲᠠᠭᠰᠠᠨ ᠬᠤᠭᠤᠴᠠᠭᠠᠨ ᠳᠤ ᠳᠠᠩᠰᠠ ᠪᠠᠨ ᠮᠡᠳᠡᠭᠦᠯᠵᠦ ᠡᠪᠬᠡᠮᠡᠯ ᠢᠶᠠᠨ ᠲᠤᠰᠢᠶᠠᠬᠤ ᠬᠡᠷᠡᠭᠲᠡᠢ᠃ ᠲᠣᠭᠲᠠᠴᠠ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠳᠤ᠂ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠲᠡᠭᠦᠯᠳᠡᠷ᠂ ᠨᠢᠭᠲᠠ ᠬᠤᠯᠪᠣᠯᠳᠤᠭᠰᠠᠨ | ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ | ᠱᠠᠯᠠᠪᠳᠠᠭᠤᠯᠤᠨ ᠪᠠᠶᠢᠴᠠᠭᠠᠵᠤ ᠤᠷᠮᠠᠰᠢᠭᠤᠯᠬᠤ ᠲᠣᠭᠲᠠᠴᠠ ᠪᠣᠯᠣᠨ ᠬᠢᠨᠠᠨ ᠰᠢᠯᠭᠠᠵᠤ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ | ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠷᠠᠯᠲᠠ ᠶᠢ ᠴᠢᠩᠭ᠎ᠠ ᠠᠩᠬᠠᠷᠴᠤ᠂ ᠥᠭᠡᠷᠡᠴᠢᠯᠡᠯᠲᠡ ᠶᠢᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠬᠦᠴᠦᠨ ᠲᠠᠢ ᠪᠣᠯᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ | ᠭᠡᠵᠡᠢ᠃ | | |